2024 ᠣᠨ ᠤ 2 ᠰᠠᠷ᠎ᠠ ᠳᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/8/7
    2 ᠰᠠᠷ᠎ᠠ ᠶᠢᠨ ᠰᠡᠭᠦᠯᠴᠢ᠂ ᠬᠠᠷᠢᠶ᠎ᠠ ᠣᠷᠣᠨ ᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰ ᠭᠠᠳᠠᠭᠠᠳᠤ ᠶᠢᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ 145.53 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 3.63 ᠳ᠋ᠦᠩᠰᠢᠭᠤᠷ ᠲᠥᠭᠦᠷᠢᠭ ᠨᠡᠮᠡᠭᠳᠡᠵᠦ᠂ 2.56% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 18.91 ᠳ᠋ᠦᠩᠰᠢᠭᠤᠷ ᠲᠥᠭᠦᠷᠢᠭ ᠨᠡᠮᠡᠭᠳᠡᠵᠦ᠂ 14.93% ᠪᠠᠷ ᠨᠡᠮᠡᠭᠳᠡᠪᠡ᠃ ᠭᠠᠳᠠᠭᠠᠳᠤ ᠶᠢᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 99.62 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 0.48 ᠳ᠋ᠦᠩᠰᠢᠭᠤᠷ ᠲᠥᠭᠦᠷᠢᠭ ᠨᠡᠮᠡᠭᠳᠡᠵᠦ᠂ 0.48% ᠪᠠᠷ ᠨᠡᠮᠡᠭᠳᠡᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.87 ᠳ᠋ᠦᠩᠰᠢᠭᠤᠷ ᠲᠥᠭᠦᠷᠢᠭ ᠨᠡᠮᠡᠭᠳᠡᠵᠦ᠂ 6.27% ᠪᠠᠷ ᠨᠡᠮᠡᠭᠳᠡᠪᠡ᠃      2024 ᠣᠨ ᠤ 2 ᠰᠠᠷ᠎ᠠ ᠳᠤ᠂ ᠠᠵᠤ ᠠᠬᠤᠶᠢᠯᠠᠯ ᠤᠨ ᠵᠢᠭᠡᠯᠡᠯᠭᠡ ᠶᠢ ᠨᠡᠶᠢᠲᠡ 5 ᠳ᠋ᠦᠩᠰᠢᠭᠤᠷ ᠲᠥᠭᠦᠷᠢᠭ ᠲᠠᠯᠪᠢᠵᠤ᠂ ᠲᠣᠰ ᠭᠠᠳᠠᠭᠠᠳᠤ ᠶᠢᠨ ᠵᠣᠭᠤᠰ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 81.12 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠵᠦᠢᠯ ᠤᠨ ᠵᠢᠭᠡᠯᠡᠯᠭᠡ ᠶᠢᠨ 81.43% ᠶᠢ ᠡᠵᠡᠯᠡᠪᠡ︔ ᠡᠭᠦᠨ ᠳᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 45.84 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠵᠦᠢᠯ ᠤᠨ ᠵᠢᠭᠡᠯᠡᠯᠭᠡ ᠶᠢᠨ ᠮᠥᠩᠭᠦ ᠶᠢᠨ 46.02% ᠢ ᠡᠵᠡᠯᠡᠪᠡ᠃      2024 ᠣᠨ ᠤ 2 ᠰᠠᠷ᠎ᠠ ᠳᠤ᠂ ᠪᠥᠬᠦ ᠬᠤᠲᠠ ᠶᠢᠨ ᠳᠠᠭᠠᠳᠬᠠᠯ ᠤᠨ ᠪᠠᠶᠢᠭᠤᠯᠤᠮᠵᠢ ᠣᠭ ᠳᠠᠭᠠᠳᠬᠠᠯ ᠤᠨ ᠣᠷᠣᠯᠭ᠎ᠠ ᠨᠢ 5241.11 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.97% ᠪᠠᠷ ᠪᠠᠭᠠᠰᠪᠠ︔ ᠳᠠᠭᠠᠳᠬᠠᠯ ᠤᠨ ᠲᠥᠯᠥᠪᠦᠷᠢ ᠶᠢᠨ ᠵᠠᠷᠤᠯᠭ᠎ᠠ 1369.31 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 42% ᠢᠶᠠᠷ ᠨᠡᠮᠡᠭᠳᠡᠪᠡ᠃ ᠾᠧᠩ ᠲᠠᠢ ᠦᠨᠡᠲᠦ ᠲᠡᠮᠳᠡᠭᠲᠦ ᠶᠢᠨ ᠡᠷᠢᠶᠡᠨ ᠬᠤᠳᠠ ᠶᠢᠨ ᠡᠵᠡᠩᠨᠡᠯᠲᠡ ᠶᠢᠨ ᠭᠠᠵᠠᠷ ᠤᠨ ᠳᠠᠩᠰᠠ ᠨᠡᠭᠡᠭᠡᠭᠰᠡᠨ ᠲᠤᠭ᠎ᠠ 7742 ᠡᠷᠦᠬᠡ ᠪᠠᠢᠵᠤ᠂ ᠠᠷᠠᠯᠵᠢᠶᠠᠨ ᠤ ᠬᠡᠮᠵᠢᠶ᠎ᠡ 2.29 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号