2024 ᠣᠨ ᠤ 4 ᠰᠠᠷ᠎ᠠ ᠶᠢᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/8/7
     4 ᠰᠠᠷ᠎ᠠ ᠶᠢᠨ ᠰᠡᠭᠦᠯᠴᠢ᠂ ᠬᠠᠷᠢᠶ᠎ᠠ ᠣᠷᠣᠨ ᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰ ᠭᠠᠳᠠᠭᠠᠳᠤ ᠶᠢᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ 144.42 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 2.52 ᠳ᠋ᠦᠩᠰᠢᠭᠤᠷ ᠲᠥᠭᠦᠷᠢᠭ ᠨᠡᠮᠡᠭᠳᠡᠵᠦ᠂ 1.77% ᠨᠡᠮᠡᠭᠳᠡᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 16.16 ᠳ᠋ᠦᠩᠰᠢᠭᠤᠷ ᠲᠥᠭᠦᠷᠢᠭ ᠨᠡᠮᠡᠭᠳᠡᠵᠦ᠂ 12.60% ᠨᠡᠮᠡᠭᠳᠡᠪᠡ᠃ ᠭᠠᠳᠠᠭᠠᠳᠤ ᠶᠢᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 100.74 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 1.60 ᠳ᠋ᠦᠩᠰᠢᠭᠤᠷ ᠲᠥᠭᠦᠷᠢᠭ ᠨᠡᠮᠡᠭᠳᠡᠵᠦ᠂ 1.62% ᠨᠡᠮᠡᠭᠳᠡᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.98 ᠳ᠋ᠦᠩᠰᠢᠭᠤᠷ ᠲᠥᠭᠦᠷᠢᠭ ᠨᠡᠮᠡᠭᠳᠡᠵᠦ᠂ 8.61 % ᠪᠠᠷ ᠨᠡᠮᠡᠭᠳᠡᠪᠡ᠃      2024 ᠣᠨ ᠤ 4 ᠰᠠᠷ᠎ᠠ ᠳᠤ᠂ ᠠᠵᠤ ᠠᠬᠤᠶᠢᠯᠠᠯ ᠤᠨ ᠵᠢᠭᠡᠯᠡᠯᠭᠡ ᠶᠢ ᠨᠡᠶᠢᠲᠡ 10.91 ᠳ᠋ᠦᠩᠰᠢᠭᠤᠷ ᠲᠥᠭᠦᠷᠢᠭ ᠲᠠᠯᠪᠢᠵᠤ᠂ ᠲᠣᠰ ᠭᠠᠳᠠᠭᠠᠳᠤ ᠶᠢᠨ ᠵᠣᠭᠤᠰ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 80.25 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠵᠦᠢᠯ ᠤᠨ ᠵᠢᠭᠡᠯᠡᠯᠭᠡ ᠶᠢᠨ 79.66% ᠶᠢ ᠡᠵᠡᠯᠡᠪᠡ︔ ᠡᠭᠦᠨ ᠳᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 47.13 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠵᠦᠢᠯ ᠤᠨ ᠵᠢᠭᠡᠯᠡᠯᠭᠡ ᠶᠢᠨ 46.78% ᠶᠢ ᠡᠵᠡᠯᠡᠪᠡ᠃      2024 ᠣᠨ ᠤ 4 ᠰᠠᠷ᠎ᠠ ᠳᠤ᠂ ᠪᠥᠬᠦ ᠬᠤᠲᠠ ᠶᠢᠨ ᠳᠠᠭᠠᠳᠬᠠᠯ ᠤᠨ ᠪᠠᠶᠢᠭᠤᠯᠤᠮᠵᠢ ᠣᠭ ᠳᠠᠭᠠᠳᠬᠠᠯ ᠤᠨ ᠣᠷᠣᠯᠭ᠎ᠠ ᠨᠢ ᠨᠡᠶᠢᠲᠡ 8971.9 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.08% ᠪᠠᠷ ᠪᠠᠭᠠᠰᠪᠠ︔ ᠳᠠᠭᠠᠳᠬᠠᠯ ᠤᠨ ᠲᠥᠯᠥᠪᠦᠷᠢ ᠥᠭᠭᠦᠭᠰᠡᠨ ᠵᠠᠷᠤᠯᠭ᠎ᠠ ᠨᠡᠶᠢᠲᠡ 2336.72 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.14% ᠪᠠᠷ ᠨᠡᠮᠡᠭᠳᠡᠪᠡ᠃ ᠾᠧᠩ ᠲᠠᠢ ᠦᠨᠡᠲᠦ ᠲᠡᠮᠳᠡᠭᠲᠦ ᠶᠢᠨ ᠡᠷᠢᠶᠡᠨ ᠬᠤᠳᠠ ᠶᠢᠨ ᠡᠵᠡᠩᠨᠡᠯᠲᠡ ᠶᠢᠨ ᠭᠠᠵᠠᠷ ᠤᠨ ᠳᠠᠩᠰᠠ ᠨᠡᠭᠡᠭᠡᠭᠰᠡᠨ ᠲᠤᠭ᠎ᠠ 7798 ᠡᠷᠦᠬᠡ ᠠᠷᠠᠯᠵᠢᠶᠠᠨ ᠤ ᠨᠣᠷᠮ᠎ᠠ 5.61 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号