2024 ᠣᠨ ᠤ 5 ᠰᠠᠷ᠎ᠠ ᠳᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/8/7
    5 ᠰᠠᠷ᠎ᠠ ᠶᠢᠨ ᠰᠡᠭᠦᠯᠴᠢ᠂ ᠬᠠᠷᠢᠶ᠎ᠠ ᠣᠷᠣᠨ ᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰ ᠭᠠᠳᠠᠭᠠᠳᠤ ᠶᠢᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ 145.47 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 3.57 ᠳ᠋ᠦᠩᠰᠢᠭᠤᠷ ᠲᠥᠭᠦᠷᠢᠭ ᠨᠡᠮᠡᠭᠳᠡᠵᠦ᠂ 2.51% ᠪᠠᠷ ᠨᠡᠮᠡᠭᠳᠡᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 16.04 ᠳ᠋ᠦᠩᠰᠢᠭᠤᠷ ᠲᠥᠭᠦᠷᠢᠭ ᠨᠡᠮᠡᠭᠳᠡᠵᠦ᠂ 12.39% ᠪᠠᠷ ᠨᠡᠮᠡᠭᠳᠡᠪᠡ᠃ ᠭᠠᠳᠠᠭᠠᠳᠤ ᠶᠢᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 100.69 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 1.55 ᠳ᠋ᠦᠩᠰᠢᠭᠤᠷ ᠲᠥᠭᠦᠷᠢᠭ ᠨᠡᠮᠡᠭᠳᠡᠵᠦ᠂ 1.56% ᠨᠡᠮᠡᠭᠳᠡᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.33 ᠳ᠋ᠦᠩᠰᠢᠭᠤᠷ ᠲᠥᠭᠦᠷᠢᠭ ᠨᠡᠮᠡᠭᠳᠡᠵᠦ᠂ 9.02 % ᠢᠶᠠᠷ ᠨᠡᠮᠡᠭᠳᠡᠪᠡ᠃      2024 ᠣᠨ ᠤ 1 - 5 ᠰᠠᠷ᠎ᠠ ᠳᠤ᠂ ᠠᠵᠤ ᠠᠬᠤᠶᠢᠯᠠᠯ ᠤᠨ ᠵᠢᠭᠡᠯᠡᠯᠭᠡ ᠶᠢ ᠨᠡᠶᠢᠲᠡ 14.26 ᠳ᠋ᠦᠩᠰᠢᠭᠤᠷ ᠲᠥᠭᠦᠷᠢᠭ ᠲᠠᠯᠪᠢᠵᠤ᠂ ᠲᠣᠰ ᠭᠠᠳᠠᠭᠠᠳᠤ ᠶᠢᠨ ᠵᠣᠭᠤᠰ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 79.89 ᠳ᠋ᠦᠩᠰᠢᠭᠤᠷ ᠲᠥᠭᠦᠷᠢᠭ ᠪᠠᠶᠢᠵᠤ᠂ ᠡᠯ᠎ᠡ ᠵᠦᠢᠯ ᠤᠨ ᠵᠢᠭᠡᠯᠡᠯᠭᠡ ᠶᠢᠨ 79.34% ᠶᠢ ᠡᠵᠡᠯᠡᠪᠡ︔ ᠡᠭᠦᠨ ᠳᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 47.79 ᠳ᠋ᠦᠩᠰᠢᠭᠤᠷ ᠲᠥᠭᠦᠷᠢᠭ ᠪᠠᠶᠢᠵᠤ᠂ ᠡᠯ᠎ᠡ ᠵᠦᠢᠯ ᠤᠨ ᠵᠢᠭᠡᠯᠡᠯᠭᠡ ᠶᠢᠨ 47.46% ᠶᠢ ᠡᠵᠡᠯᠡᠪᠡ᠃      2024 ᠣᠨ ᠤ 1 - 5 ᠰᠠᠷ᠎ᠠ ᠳᠤ᠂ ᠪᠥᠬᠦ ᠬᠤᠲᠠ ᠶᠢᠨ ᠳᠠᠭᠠᠳᠬᠠᠯ ᠤᠨ ᠪᠠᠶᠢᠭᠤᠯᠤᠮᠵᠢ ᠣᠭ ᠳᠠᠭᠠᠳᠬᠠᠯ ᠤᠨ ᠣᠷᠣᠯᠭ᠎ᠠ ᠨᠢ ᠨᠡᠶᠢᠲᠡ 10937.69 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.35% ᠪᠠᠷ ᠪᠠᠭᠠᠰᠪᠠ︔ ᠳᠠᠭᠠᠳᠬᠠᠯ ᠤᠨ ᠲᠥᠯᠥᠪᠦᠷᠢ ᠶᠢᠨ ᠵᠠᠷᠤᠯᠭ᠎ᠠ ᠨᠡᠶᠢᠲᠡ 2985.36 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.27% ᠪᠠᠷ ᠨᠡᠮᠡᠭᠳᠡᠪᠡ ᠃ ᠾᠧᠩ ᠲᠠᠢ ᠦᠨᠡᠲᠦ ᠲᠡᠮᠳᠡᠭᠲᠦ ᠶᠢᠨ ᠡᠷᠢᠶᠡᠨ ᠬᠤᠳᠠ ᠶᠢᠨ ᠡᠵᠡᠩᠨᠡᠯᠲᠡ ᠶᠢᠨ ᠭᠠᠵᠠᠷ ᠤᠨ ᠳᠠᠩᠰᠠ ᠨᠡᠭᠡᠭᠡᠭᠰᠡᠨ ᠲᠤᠭ᠎ᠠ 7797 ᠡᠷᠦᠬᠡ᠂ ᠠᠷᠠᠯᠵᠢᠶᠠᠨ ᠤ ᠨᠣᠷᠮ᠎ᠠ 6.97 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号