2024 ᠣᠨ ᠤ 6 ᠰᠠᠷ᠎ᠠ ᠶᠢᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/8/7
      6 ᠰᠠᠷ᠎ᠠ ᠶᠢᠨ ᠰᠡᠭᠦᠯᠴᠢ᠂ ᠬᠠᠷᠢᠶ᠎ᠠ ᠣᠷᠣᠨ ᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰ ᠭᠠᠳᠠᠭᠠᠳᠤ ᠶᠢᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ 146.28 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 4.39 ᠳ᠋ᠦᠩᠰᠢᠭᠤᠷ ᠲᠥᠭᠦᠷᠢᠭ ᠨᠡᠮᠡᠭᠳᠡᠵᠦ᠂ 3.09% ᠪᠠᠷ ᠨᠡᠮᠡᠭᠳᠡᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 17.63 ᠳ᠋ᠦᠩᠰᠢᠭᠤᠷ ᠲᠥᠭᠦᠷᠢᠭ ᠨᠡᠮᠡᠭᠳᠡᠵᠦ᠂ 13.7% ᠪᠠᠷ ᠨᠡᠮᠡᠭᠳᠡᠪᠡ᠃ ᠭᠠᠳᠠᠭᠠᠳᠤ ᠶᠢᠨ ᠵᠣᠭᠤᠰ ᠤᠨ ᠦᠯᠡᠳᠡᠪᠦᠷᠢ 102.54 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 3.40 ᠳ᠋ᠦᠩᠰᠢᠭᠤᠷ ᠲᠥᠭᠦᠷᠢᠭ ᠨᠡᠮᠡᠭᠳᠡᠵᠦ᠂ 3.43% ᠪᠠᠷ ᠨᠡᠮᠡᠭᠳᠡᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 11.08 ᠳ᠋ᠦᠩᠰᠢᠭᠤᠷ ᠲᠥᠭᠦᠷᠢᠭ ᠨᠡᠮᠡᠭᠳᠡᠵᠦ᠂ 12.11% ᠪᠠᠷ ᠨᠡᠮᠡᠭᠳᠡᠪᠡ᠃    2024 ᠣᠨ ᠤ 1 - 6 ᠰᠠᠷ᠎ᠠ ᠳᠤ᠂ ᠠᠵᠤ ᠠᠬᠤᠶᠢᠯᠠᠯ ᠤᠨ ᠵᠢᠭᠡᠯᠡᠯᠭᠡ ᠶᠢ ᠨᠡᠶᠢᠲᠡ 18.07 ᠳ᠋ᠦᠩᠰᠢᠭᠤᠷ ᠲᠥᠭᠦᠷᠢᠭ ᠲᠠᠯᠪᠢᠵᠤ᠂ ᠲᠣᠰ ᠭᠠᠳᠠᠭᠠᠳᠤ ᠶᠢᠨ ᠵᠣᠭᠤᠰ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 83.82 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠵᠦᠢᠯ ᠤᠨ ᠵᠢᠭᠡᠯᠡᠯᠭᠡ ᠶᠢᠨ 81.74% ᠶᠢ ᠡᠵᠡᠯᠡᠪᠡ︔ ᠡᠭᠦᠨ ᠳᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 51.72 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠵᠦᠢᠯ ᠤᠨ ᠵᠢᠭᠡᠯᠡᠯᠭᠡ ᠶᠢᠨ 50.44% ᠶᠢ ᠡᠵᠡᠯᠡᠪᠡ᠃    2024 ᠣᠨ ᠤ 1 - 6 ᠰᠠᠷ᠎ᠠ ᠳᠤ᠂ ᠪᠥᠬᠦ ᠬᠤᠲᠠ ᠶᠢᠨ ᠳᠠᠭᠠᠳᠬᠠᠯ ᠤᠨ ᠪᠠᠶᠢᠭᠤᠯᠤᠮᠵᠢ ᠣᠭ ᠳᠠᠭᠠᠳᠬᠠᠯ ᠤᠨ ᠣᠷᠣᠯᠭ᠎ᠠ ᠨᠢ ᠨᠡᠶᠢᠲᠡ 13758.13 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.10% ᠪᠠᠷ ᠨᠡᠮᠡᠭᠳᠡᠪᠡ︔ ᠳᠠᠭᠠᠳᠬᠠᠯ ᠤᠨ ᠲᠥᠯᠥᠪᠦᠷᠢ ᠥᠭᠬᠦ ᠵᠠᠷᠤᠯᠭ᠎ᠠ ᠨᠡᠶᠢᠲᠡ 3526.87 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.79% ᠪᠠᠷ ᠨᠡᠮᠡᠭᠳᠡᠪᠡ ᠃ ᠾᠧᠩ ᠲᠠᠢ ᠦᠨᠡᠲᠦ ᠲᠡᠮᠳᠡᠭᠲᠦ ᠶᠢᠨ ᠡᠷᠢᠶᠡᠨ ᠬᠤᠳᠠ ᠳᠠᠬᠢ ᠡᠵᠡᠩᠨᠡᠯᠲᠡ ᠶᠢᠨ ᠭᠠᠵᠠᠷ ᠤᠨ ᠳᠠᠩᠰᠠ ᠨᠡᠭᠡᠭᠡᠭᠰᠡᠨ ᠲᠤᠭ᠎ᠠ 7793 ᠡᠷᠦᠬᠡ ᠠᠷᠠᠯᠵᠢᠶᠠᠨ ᠤ ᠨᠣᠷᠮ᠎ᠠ 8.25 ᠳ᠋ᠦᠩᠰᠢᠭᠤᠷ  ᠲᠥᠭᠦᠷᠢᠭ ᠲᠤ ᠬᠦᠷᠴᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号