2024 ᠣᠨ ᠤ ᠳᠡᠭᠡᠷ᠎ᠡ ᠬᠠᠭᠠᠰ ᠵᠢᠯ ᠳᠤ ᠡᠷᠢᠶᠡᠨ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠴᠥᠮ ᠪᠥᠬᠦ ᠠᠶᠢᠮᠠᠭ ᠤᠨ ᠨᠢᠭᠡᠳᠦᠭᠡᠷ ᠲᠤ ᠣᠷᠣᠪᠠ
ᠨᠡᠶᠢᠲᠡᠯᠡᠭᠰᠡᠨ ᠴᠠᠭ᠄
2024/8/7
     ᠳᠡᠭᠡᠷ᠎ᠡ ᠬᠠᠭᠠᠰ ᠵᠢᠯ ᠳᠤ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ 2024 ᠣᠨ ᠤ ᠨᠢᠭᠡᠳᠦᠭᠡᠷ ᠤᠯᠠᠷᠢᠯ ᠠᠴᠠ ᠨᠠᠰᠢ ᠲᠣᠭᠲᠠᠭᠤᠨ ᠢᠶᠠᠷ ᠰᠡᠷᠭᠦᠬᠦ ᠪᠠᠶᠢᠳᠠᠯ ᠢᠶᠠᠨ ᠦᠷᠭᠦᠯᠵᠢᠯᠡᠭᠦᠯᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠵᠢᠱᠢᠯᠲᠡ ᠠᠴᠠ ᠰᠠᠶᠢᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠶᠡᠭᠡ ᠬᠡᠮᠵᠢᠶ᠎ᠡ ᠪᠠᠷ ᠨᠡᠮᠡᠭᠳᠡᠬᠦ ᠬᠠᠨᠳᠤᠰᠢ ᠲᠠᠢ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 73.1% ᠪᠠᠷ ᠨᠡᠮᠡᠭᠳᠡᠵᠦ᠂ ᠪᠦᠬᠦ ᠠᠶᠢᠮᠠᠭ ᠤᠨ 58.8 ᠵᠠᠭᠤᠨ ᠤ ᠨᠢᠭᠡᠴᠢ ᠠᠴᠠ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠲᠤ ᠨᠢᠭᠡᠳᠦᠭᠡᠷ ᠲᠤ ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 80.2% ᠳᠤ ᠬᠦᠷᠴᠦ᠂ ᠪᠦᠬᠦ ᠠᠶᠢᠮᠠᠭ ᠤᠨ 71.1 ᠵᠠᠭᠤᠨ ᠤ ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠲᠤ ᠨᠢᠭᠡᠳᠦᠭᠡᠷ ᠲᠤ ᠣᠷᠣᠵᠤ᠂ ᠠᠵᠢᠯᠯᠠᠭᠠᠨ ᠨᠢ ᠳᠣᠣᠷᠠᠬᠢ ᠮᠡᠲᠦ ᠣᠨᠴᠠᠯᠢᠭ ᠲᠠᠢ᠄     ᠨᠢᠭᠡ᠂ ᠲᠡᠮᠦᠷ ᠤᠨ ᠠᠭᠤᠷᠬᠠᠶ ᠶᠢᠨ ᠬᠦᠳᠡᠷ ᠰᠢᠯᠢᠬᠦ ᠨᠡᠮᠡᠭᠳᠡᠯ ᠤᠨ ᠬᠡᠮᠵᠢᠶ᠎ᠡ ᠢᠯᠡᠳᠲᠡ ᠪᠠᠶᠢᠬᠤ ᠳᠡᠭᠡᠷ᠎ᠡ ᠬᠠᠭᠠᠰ ᠵᠢᠯ ᠳᠤ᠂ ᠲᠡᠮᠦᠷ ᠤᠨ ᠬᠦᠳᠡᠷ ᠡᠳ᠋ᠰᠢᠭᠦᠯᠬᠦ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 144.29% ᠨᠡᠮᠡᠭᠳᠡᠵᠡᠶ᠂ ᠡᠭᠦᠨ ᠳᠤ᠄ ᠪᠥᠮᠪᠥᠭᠡᠯᠢᠭ ᠪᠦᠯᠦᠭᠯᠡᠯ 12.87 ᠲᠦᠮᠡᠨ ᠲᠣᠨ ᠪᠠᠶᠢᠵᠤ᠂ ᠴᠡᠪᠡᠷ ᠨᠡᠮᠡᠭᠳᠡᠯ ᠢ ᠪᠡᠶᠡᠯᠡᠭᠦᠯᠪᠡ︔ ᠲᠡᠮᠦᠷ ᠤᠨ ᠨᠠᠷᠢᠨ ᠨᠤᠨᠲᠠᠭ 94.35 ᠲᠦᠮᠡᠨ ᠲᠣᠨ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 4.62% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠢ 66.15 ᠵᠠᠭᠤᠨ ᠤ ᠨᠢᠭᠡᠴᠢ ᠳᠠᠶᠢᠴᠢᠯᠠᠪᠠ᠃     ᠬᠤᠶᠠᠷ᠂ ᠨᠣᠣᠰᠣ ᠨᠣᠣᠯᠣᠭᠤᠷ ᠡᠳ᠋ᠰᠢᠭᠦᠯᠵᠦ ᠪᠦᠬᠦᠢ ᠦᠨᠳᠦᠷ ᠲᠦᠪᠰᠢᠨ ᠢᠶᠠᠷ ᠠᠵᠢᠯᠯᠠᠵᠤ ᠪᠣᠢ᠃ ᠳᠡᠭᠡᠷ᠎ᠡ ᠬᠠᠭᠠᠰ ᠵᠢᠯ ᠳᠤ᠂ ᠨᠣᠯᠤᠤᠷ ᠡᠳ᠋ᠰᠢᠭᠦᠯᠬᠦ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 243.21 % ᠪᠠᠷ ᠨᠡᠮᠡᠭᠳᠡᠵᠦ᠂ ᠡᠭᠦᠨ ᠳᠤ᠄ ᠨᠣᠤᠰᠣ ᠥᠬᠡᠶ ᠨᠣᠯᠤᠤᠷ 181.77 ᠲᠣᠨ ᠪᠣᠯᠪᠠᠰᠤᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 190.88 % ᠪᠠᠷ ᠨᠡᠮᠡᠭᠳᠡᠪᠡ︔ ᠢᠮᠠᠭᠠᠨ ᠨᠣᠯᠤᠤᠷ 210.16 ᠲᠣᠨ ᠦᠢᠯᠡᠳᠪᠦᠷᠢᠯᠡᠵᠦ᠂ ᠴᠡᠪᠡᠷ ᠨᠡᠮᠡᠭᠳᠡᠯ ᠤᠨ ᠬᠡᠮᠵᠢᠶ᠎ᠡ ᠶᠢ ᠪᠡᠶᠡᠯᠡᠭᠦᠯᠪᠡ᠃     ᠭᠤᠷᠪᠠ᠂ ᠼᠧᠮᠧᠨ᠋ᠲ ᠤᠨ ᠦᠢᠯᠡᠳᠪᠦᠷᠢᠯᠡᠯ ᠪᠠᠭ᠎ᠠ ᠬᠡᠮᠵᠢᠶ᠎ᠡ ᠪᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠱᠦᠢᠨᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 12.68% ᠪᠠᠷ ᠨᠡᠮᠡᠭᠳᠡᠵᠦ᠂ ᠱᠦᠢᠨᠢ ᠶᠢᠨ ᠦᠢᠯᠡᠳᠪᠦᠷᠢᠯᠡᠯ 7.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.00% ᠪᠠᠷ ᠨᠡᠮᠡᠭᠳᠡᠪᠡ᠃     ᠳᠥᠷᠪᠡ᠂ ᠢᠯᠴᠢ ᠶᠢᠨ ᠬᠦᠴᠦᠨ ᠤ ᠦᠢᠯᠡᠳᠪᠦᠷᠢᠯᠡᠯ ᠤᠨ ᠠᠵᠢᠯᠯᠠᠭᠠᠨ ᠲᠣᠭᠲᠠᠭᠤᠨ ᠪᠠᠶᠢᠨ᠎ᠠ᠃ ᠳᠡᠭᠡᠷ᠎ᠡ ᠬᠠᠭᠠᠰ ᠵᠢᠯ ᠳᠤ᠂ ᠢᠯᠴᠢ ᠶᠢᠨ ᠬᠦᠴᠦᠨ ᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 4.38 % ᠪᠠᠷ ᠨᠡᠮᠡᠭᠳᠡᠵᠦ᠂ ᠢᠯᠴᠢ ᠬᠠᠩᠭᠠᠬᠤ ᠬᠡᠮᠵᠢᠶ᠎ᠡ 153.68 ᠲᠦᠮᠡᠨ ᠵᠢᠶ ᠵᠢᠶᠤᠤ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.54 % ᠪᠠᠷ ᠨᠡᠮᠡᠭᠳᠡᠪᠡ᠃     ᠲᠠᠪᠤ᠂ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠪᠠᠭᠤᠷᠠᠯᠲᠠ ᠶᠢᠨ ᠬᠡᠮᠵᠢᠶ᠎ᠡ ᠢᠯᠡᠷᠬᠡᠢ᠃ ᠳᠡᠭᠡᠷ᠎ᠡ ᠬᠠᠭᠠᠰ ᠵᠢᠯ ᠳᠤ᠂ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 48.79 % ᠪᠠᠷ ᠪᠠᠭᠤᠷᠠᠪᠠ᠂ ᠡᠭᠦᠨ ᠳᠤ᠄ ᠰᠠᠯᠬᠢᠨ ᠬᠦᠴᠦᠨ ᠤ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 57.83 % ᠪᠠᠷ ᠪᠠᠭᠤᠷᠠᠵᠤ᠂ ᠰᠠᠯᠬᠢᠨ ᠬᠦᠴᠦᠨ ᠤ ᠴᠠᠬᠢᠯᠭᠠᠨ ᠭᠠᠷᠭᠠᠭᠰᠠᠨ ᠬᠡᠮᠵᠢᠶ᠎ᠡ 12651.37 ᠲᠦᠮᠡᠨ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 51.32 % ᠪᠠᠷ ᠪᠠᠭᠤᠷᠠᠪᠠ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠬᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 21.08 % ᠪᠠᠷ ᠪᠠᠭᠤᠷᠠᠪᠠ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 6632.94 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.07 % ᠪᠠᠷ ᠪᠠᠭᠤᠷᠠᠪᠠ᠂ ᠭᠤᠤᠯ ᠰᠢᠯᠲᠠᠭᠠᠨ ᠨᠢ ᠴᠠᠬᠢᠯᠭᠠᠨ ᠬᠠᠩᠭᠠᠬᠤ ᠦᠢᠯᠡᠳᠪᠣᠷᠢ ᠶᠢᠨ ᠴᠠᠬᠢᠯᠭᠠᠨ ᠬᠠᠩᠭᠠᠬᠤ ᠬᠡᠮᠵᠢᠶ᠎ᠡ ᠪᠠᠨ ᠬᠢᠵᠠᠭᠠᠷᠯᠠᠭᠰᠠᠨ ᠶᠠᠪᠤᠳᠠᠯ ᠪᠣᠯᠤᠨ᠎ᠠ᠃     ᠵᠢᠷᠭᠤᠭ᠎ᠠ᠂ ᠠᠮᠤ ᠲᠣᠰᠣ ᠡᠳ᠋ᠰᠢᠭᠦᠯᠬᠦ ᠪᠠ ᠪᠠᠭᠤᠷᠠᠭᠤᠯᠬᠤ᠃ ᠳᠡᠭᠡᠷ᠎ᠡ ᠬᠠᠭᠠᠰ ᠵᠢᠯ ᠳᠤ᠂ ᠠᠮᠤ ᠲᠣᠰᠣ ᠡᠳ᠋ᠰᠢᠭᠦᠯᠬᠦ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 36.86% ᠪᠠᠭᠤᠷᠠᠪᠠ᠂ ᠡᠭᠦᠨ ᠳᠤ᠄ ᠨᠠᠷᠢᠯᠢᠭ ᠪᠣᠯᠪᠠᠰᠤᠷᠠᠭᠤᠯᠤᠭᠰᠠᠨ ᠢᠳᠡᠭᠡᠨ ᠤ ᠤᠷᠭᠤᠮᠠᠯ ᠤᠨ ᠲᠣᠰᠣ 2449.15 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.19% ᠪᠠᠷ ᠪᠠᠭᠤᠷᠠᠪᠠ︔ ᠨᠣᠣᠰᠣᠨ ᠲᠣᠰᠣ 913.22 ᠲᠣᠨ ᠪᠣᠯᠪᠠᠰᠤᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 66.32% ᠢᠶᠠᠷ ᠪᠠᠭᠤᠷᠠᠪᠠ︔ ᠡᠳ᠋ᠰᠢᠭᠦᠯᠦᠭᠰᠡᠨ ᠲᠡᠵᠢᠭᠡᠯ ᠪᠣᠷᠳᠤᠭ᠎ᠠ 6580.26 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 37.87% ᠪᠠᠷ ᠪᠠᠭᠤᠷᠠᠪᠠ᠃     ᠳᠠᠷᠠᠭᠠᠴᠢ ᠶᠢᠨ ᠠᠯᠬᠤᠮ ᠳᠤ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠳᠬᠠᠬᠤ ᠬᠡᠷᠡᠭᠲᠡᠢ ᠭᠡᠵᠦ ᠰᠠᠨᠠᠭᠤᠯᠪᠠ᠃ ᠬᠡᠪᠴᠢᠶᠡᠵᠢᠯ ᠳᠤ ᠤᠷᠤᠭᠰᠠᠨ ᠠᠵᠤ ᠠᠬᠤᠶᠢᠯᠠᠯ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠤᠶᠢᠵᠢᠯᠳᠠ ᠶᠢᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠪᠤᠶᠢᠵᠢᠭᠤᠯᠤᠨ ᠲᠡᠳᠬᠦᠬᠦ ᠶᠢ ᠴᠢᠬᠤᠯᠠᠴᠢᠯᠠᠵᠤ᠂ ᠵᠠᠬ᠎ᠠ ᠳᠡᠯᠭᠡᠭᠦᠷ ᠤᠨ ᠢᠷᠡᠭᠡᠳᠦᠢ ᠪᠠᠷ ᠨᠡᠯᠢᠶᠡᠳ ᠰᠠᠶᠢᠨ ᠵᠠᠷᠢᠮ ᠠᠵᠤ ᠠᠬᠤᠶᠢᠯᠠᠯ ᠢ ᠰᠤᠩᠭᠤᠵᠤ᠂ ᠦᠢᠯᠡᠳᠪᠦᠷᠢᠯᠡᠯ ᠤᠨ ᠬᠡᠪᠴᠢᠶ᠎ᠡ ᠪᠠᠨ ᠦᠷᠭᠡᠳᠬᠡᠬᠦ ᠶᠢ ᠬᠦᠳᠦᠯᠦᠨ ᠵᠢᠯᠤᠭᠤᠳᠬᠤ ᠪᠠ ᠳᠡᠮᠵᠢᠵᠤ᠂ ᠵᠢᠵᠢᠭ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠤᠨ᠎ᠠ︔ ᠡᠭᠦᠨ ᠤ ᠬᠠᠮᠳᠤ ᠪᠠᠶᠢᠭᠤᠯᠵᠤ ᠪᠠᠶᠢᠭ᠎ᠠ ᠠᠵᠤ ᠦᠢᠯᠡᠳᠪᠦᠷᠢ ᠶᠢᠨ ᠲᠦᠷᠦᠯ ᠵᠦᠢᠯ ᠤᠨ ᠠᠬᠢᠴᠠ ᠶᠢ ᠲᠦᠷᠭᠡᠳᠭᠡᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠪᠦᠳᠦᠭᠡᠨ ᠪᠠᠶᠢᠭᠤᠯᠬᠤ ᠳᠤᠮᠳᠠ ᠤᠷᠤᠰᠢᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠤ᠂ ᠲᠦᠷᠦᠯ ᠵᠦᠢᠯ ᠢ ᠡᠷᠳᠡ ᠡᠳᠦᠷ ᠪᠠᠷᠢᠯᠭ᠎ᠠ ᠳᠠᠭᠤᠰᠴᠤ ᠠᠰᠢᠭᠯᠠᠯᠳᠠ ᠳᠤ ᠤᠷᠤᠭᠤᠯᠬᠤ ᠶᠢ ᠬᠦᠴᠦᠯᠡᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠦᠷᠬᠦᠯᠵᠢᠯᠡᠯ ᠬᠦᠭᠵᠢᠯᠳᠡ ᠳᠤ ᠬᠦᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号