ᠡᠮᠡᠭᠲᠠᠶᠢᠴᠤᠳ ᠤᠨ ᠡᠷᠭᠡ ᠠᠰᠢᠭ ᠢ ᠪᠠᠳᠤᠯᠠᠵᠤ᠂ ᠭᠡᠤᠭᠡᠳ ᠤᠨ ᠦᠰᠦᠨ ᠪᠤᠶᠢᠵᠢᠬᠤ ᠶᠢ ᠬᠠᠮᠠᠭᠠᠯᠠᠶ᠎ᠠ︕ ᠪᠥᠬᠦ ᠬᠤᠲᠠ ᠶᠢᠨ ᠡᠮᠡᠭᠲᠡᠶᠢᠴᠦᠳ ᠬᠡᠤᠬᠡᠳ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/8
      8 ᠰᠠᠷ᠎ᠠ ᠶᠢᠨ 6 ᠤ ᠡᠳᠦᠷ᠂ ᠪᠥᠬᠦ ᠬᠤᠲᠠ ᠶᠢᠨ ᠡᠮᠡᠭᠲᠡᠶᠢᠴᠦᠳ ᠬᠡᠤᠬᠡᠳ ᠤᠨ ᠠᠵᠢᠯ ᠤᠨ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠤᠬᠡᠳ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠥᠬᠦ ᠤᠯᠤᠰ ᠵᠢᠴᠢ ᠪᠥᠬᠦ ᠣᠷᠣᠨ ᠤ ᠳᠣᠯᠣᠳᠤᠭᠠᠷ ᠤᠳᠠᠭᠠᠨ ᠤ ᠡᠮᠡᠭᠲᠡᠶᠢᠴᠦᠳ ᠬᠡᠤᠬᠡᠳ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠪᠦᠬᠦ ᠬᠤᠲᠠ ᠶᠢᠨ ᠥᠷᠭᠡᠨ ᠣᠯᠠᠨ ᠡᠮᠡᠭᠲᠡᠶᠢᠴᠦᠳ ᠬᠡᠤᠬᠡᠳ ᠢ ᠪᠦᠯᠬᠦᠮᠳᠡᠭᠦᠯᠦᠨ ᠳᠠᠭᠠᠭᠤᠯᠵᠤ᠂ ᠣᠯᠠᠨ ᠲᠦᠮᠡᠨ ᠤ ᠬᠡᠷᠡᠭᠴᠡᠭᠡ᠂ ᠡᠮᠡᠭᠲᠡᠶᠢᠴᠦᠳ ᠤᠨ ᠬᠤᠯᠪᠣᠭ᠎ᠠ ᠪᠠᠷ ᠭᠠᠷᠳᠠᠬᠤ ᠴᠡᠭ ᠪᠣᠯᠭᠠᠬᠤ ᠶᠢ ᠪᠠᠷᠢᠮᠲᠠᠯᠠᠵᠤ᠂ ︽ᠬᠤᠶᠠᠷ ᠲᠣᠭᠲᠠᠭᠠᠯ︾᠂ ᠡᠮᠡᠭᠲᠡᠶᠢᠴᠦᠳ ᠢ ᠵᠣᠬᠢᠶᠠᠨ ᠪᠠᠶᠢᠭᠤᠯᠬᠤ᠂ ᠡᠮᠡᠭᠲᠡᠶᠢᠴᠦᠳ ᠢ ᠬᠥᠲᠥᠯᠥᠨ ᠵᠢᠯᠣᠭᠤᠳᠬᠤ᠂ ᠡᠮᠡᠭᠲᠡᠶᠢᠴᠦᠳ ᠲᠤ ᠦᠢᠯᠡᠴᠢᠯᠡᠬᠦ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠵᠢᠯ ᠤᠨ ᠡᠭᠦᠷᠭᠡ ᠴᠢᠳᠠᠪᠤᠷᠢ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠣᠨᠣᠯ ᠢᠶᠠᠷ ᠵᠡᠪᠰᠡᠭᠯᠡᠬᠦ᠂ ᠦᠵᠡᠯ ᠰᠠᠨᠠᠭ᠎ᠠ ᠪᠠᠷ ᠬᠥᠲᠥᠯᠦᠨ ᠳᠠᠭᠠᠭᠤᠯᠬᠤ᠂ ᠡᠷᠬᠡ ᠠᠰᠢᠭ ᠤᠨ ᠪᠠᠲᠤᠯᠠᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠡᠮᠡᠭᠲᠡᠶᠢᠴᠦᠳ ᠬᠡᠤᠬᠡᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠠᠭ ᠦᠶ᠎ᠡ ᠳᠤ ᠣᠰᠣᠯᠳᠠᠬᠤ ᠥᠬᠡᠶ ︽ᠬᠠᠭᠠᠰ ᠲᠤᠯᠭᠠᠭᠤᠷᠢ︾ ᠶᠢᠨ ᠦᠢᠯᠡᠳᠦᠯ ᠪᠠᠳᠠᠷᠠᠭᠤᠯᠪᠠ᠃      ᠬᠤᠷᠠᠯ ᠠᠴᠠ᠂ ᠰᠢᠨ᠎ᠡ ᠨᠢᠭᠡ ᠡᠭᠡᠯᠵᠢ ᠶᠢᠨ ︽ᠬᠤᠶᠠᠷ ᠲᠥᠯᠥᠪᠵᠢᠭᠦᠯᠭᠡ︾ ᠨᠢ ᠡᠮᠡᠭᠲᠡᠶᠢᠴᠦᠳ ᠬᠡᠦᠬᠡᠳ ᠤᠨ ᠪᠠᠲᠤᠯᠠᠭ᠎ᠠ ᠶᠢᠨ ᠠᠵᠢᠯ ᠢ ᠠᠬᠢᠭᠤᠯᠬᠤ ᠳᠤ ᠲᠣᠳᠣᠷᠬᠠᠢ ᠵᠢᠯᠣᠭᠤᠳᠬᠤ ᠴᠢᠭᠯᠡᠯ ᠪᠣᠯᠤᠨ ᠪᠣᠳᠠᠲᠠᠢ ᠬᠠᠷᠠᠯᠲᠠ ᠬᠠᠩᠭᠠᠵᠠᠢ᠃ ︽ᠬᠤᠶᠠᠷ ᠲᠥᠯᠥᠪᠵᠢᠭᠦᠯᠭᠡ︾ ᠶᠢ ᠭᠦᠨᠵᠡᠭᠡᠶ ᠰᠤᠳᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠡᠷᠢᠶᠡᠨ ᠬᠤᠲᠠ ᠶᠢᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠥᠪᠵᠢᠭᠦᠯᠭᠡ ︵2021 - 2030 ᠣᠨ︶ ᠶᠢᠨ ᠬᠠᠷᠢᠭᠤᠴᠠᠯᠭ᠎ᠠ ᠶᠢᠨ ᠵᠠᠳᠠᠯᠤᠯᠲᠠ ᠶᠢᠨ ᠬᠦᠰᠦᠨᠦᠭᠲᠦ︾᠂ ︽ᠡᠷᠢᠶᠡᠨ ᠬᠤᠲᠠ ᠶᠢᠨ ᠬᠡᠤᠬᠡᠳ ᠤᠨ ᠬᠥᠭᠵᠢᠯᠲᠡ ᠶᠢᠨ ᠲᠥᠯᠥᠪᠵᠢᠭᠦᠯᠭᠡ ︵2021 - 2030 ᠣᠨ︶ ᠶᠢᠨ ᠬᠠᠷᠢᠭᠤᠴᠠᠯᠭ᠎ᠠ ᠶᠢᠨ ᠵᠠᠳᠠᠯᠤᠯᠲᠠ ᠶᠢᠨ ᠬᠦᠰᠦᠨᠦᠭᠲᠦ︾ ᠶᠢᠨ ᠭᠦᠢᠴᠡᠳᠬᠡᠯ ᠲᠤᠭ᠎ᠠ ᠶᠣᠰᠣᠭᠠᠷ᠂ ᠬᠠᠷᠠᠯᠲᠠ ᠡᠭᠦᠷᠭᠡ ᠪᠠᠨ ᠵᠠᠳᠠᠯᠵᠤ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠨ ᠦᠢᠯᠡᠰ ᠴᠣᠭᠴᠠᠯᠠᠬᠤ ᠶᠢ ᠶᠡᠬᠡᠪᠡᠷ ᠳᠡᠮᠵᠢᠵᠦ᠂ ᠮᠡᠷᠭᠡᠵᠢᠯ ᠤᠨ ᠪᠣᠯᠪᠠᠰᠤᠷᠠᠭᠤᠯᠤᠯ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠶᠢᠨ ᠳᠡᠮᠵᠢᠯᠭᠡ ᠶᠢ ᠲᠠᠰᠤᠷᠠᠯᠲᠠ ᠥᠬᠡᠶ ᠨᠡᠮᠡᠭᠳᠡᠭᠦᠯᠦᠨ᠂ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠰᠢᠨ᠎ᠡ ᠶᠢ ᠡᠭᠦᠳᠦᠨ ᠪᠦᠲᠦᠭᠡᠬᠦ ᠶᠢ ᠢᠳᠡᠪᠬᠢᠲᠡᠶ ᠠᠬᠢᠭᠤᠯᠵᠤ᠂ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠳᠤ ᠣᠷᠣᠯᠴᠠᠬᠤ ᠶᠢ ᠳᠡᠮᠵᠢᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠬᠡᠦᠬᠡᠳ ᠤᠨ ᠢᠳᠡᠷᠡᠭᠦᠨ ᠢᠶᠠᠷ ᠦᠰᠦᠨ ᠪᠤᠶᠢᠵᠢᠬᠤ ᠶᠢ ᠶᠡᠭᠡ ᠪᠠᠷ ᠬᠠᠮᠠᠭᠠᠯᠠᠵᠤ᠂ ᠬᠡᠦᠬᠡᠳ ᠤᠨ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ᠂ ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠤᠷᠢᠳ ᠢᠶᠠᠷ ᠬᠠᠩᠭᠠᠬᠤ᠂ ᠬᠡᠦᠬᠡᠳ ᠤᠨ ᠠᠰᠠᠷᠠᠮᠵᠢ ᠶᠢ ᠤᠷᠢᠳ ᠢᠶᠠᠷ ᠪᠠᠲᠤᠯᠠᠬᠤ ᠶᠢ ᠠᠬᠢᠭᠤᠯᠵᠤ᠂ ᠬᠡᠦᠬᠡᠳ ᠨᠢᠭᠡᠪᠦᠷᠢ ᠶᠢᠨ ᠪᠡᠶ᠎ᠡ ᠰᠡᠳᠬᠢᠯ ᠤᠨ ᠡᠷᠡᠭᠦᠯ ᠴᠢᠭᠢᠷᠠᠭ᠂ ᠪᠠᠶᠠᠷ ᠪᠠᠶᠠᠰᠬᠤᠯᠠᠩ ᠲᠠᠢ ᠪᠠᠷ ᠦᠰᠦᠨ ᠪᠤᠶᠢᠵᠢᠬᠤ ᠪᠠᠷ ᠴᠢᠷᠮᠠᠶᠢᠬᠤ ᠬᠡᠷᠡᠭᠲᠡᠢ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠶᠢ ᠶᠡᠬᠡᠪᠡᠷ ᠬᠠᠮᠠᠭᠠᠯᠠᠵᠤ᠂ ᠡᠮᠡᠭᠲᠡᠶᠢᠴᠦᠳ ᠬᠡᠦᠬᠡᠳ ᠲᠤ ᠲᠤᠯᠭᠠᠷᠠᠵᠤ ᠪᠠᠶᠢᠭ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠪᠠᠲᠤᠯᠠᠬᠤ ᠠᠵᠢᠯ ᠤᠨ ᠤᠯᠠᠮ ᠨᠢᠭᠡ ᠠᠯᠬᠤᠮ ᠬᠥᠭᠵᠢᠬᠦ ᠶᠢ ᠠᠬᠢᠭᠤᠯᠵᠤ᠂ ᠲᠡᠳᠡᠨ ᠢ ᠬᠢᠯᠢ ᠶᠢᠨ ᠪᠣᠭᠤᠮᠲᠠ ᠪᠠᠷ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠥᠭᠵᠢᠯᠲᠡ ᠶᠢᠨ ᠳᠤᠮᠳᠠ ᠨᠡᠩ ᠥᠷᠭᠡᠨ ᠠᠭᠤᠳᠠᠮ ᠣᠷᠣᠨ ᠵᠠᠢ ᠲᠠᠢ ᠪᠣᠯᠭᠠᠵᠤ᠂ ᠬᠥᠮᠦᠨ ᠤ ᠠᠮᠢᠳᠤᠷᠠᠯ ᠢ ᠨᠡᠩ ᠭᠡᠷᠡᠯ ᠭᠢᠯᠪᠠᠭ᠎ᠠ ᠲᠠᠢ ᠪᠣᠯᠭᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号