ᠳᠣᠯᠠᠭᠠᠯᠭ᠎ᠠ ᠶᠢᠨ ᠢᠨᠵᠧᠨᠧᠷᠢᠩ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/8/9
   8 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ ᠳᠣᠯᠠᠭᠠᠯᠭ᠎ᠠ ᠶᠢᠨ ᠢᠨᠵᠧᠨᠧᠷᠢᠩ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠷᠦᠢ ᠶᠤᠸᠠᠨ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠢᠯᠴᠢ ᠬᠠᠩᠭᠠᠬᠤ ᠦᠷᠳᠡᠭᠡ ᠳᠤ᠂ ᠮᠠ ᠬᠠᠢ ᠲᠤᠤ ᠰᠢᠨ᠎ᠡ ᠪᠠᠷ ᠪᠠᠶᠢᠭᠤᠯᠤᠭᠰᠠᠨ ᠭᠦᠸᠧᠯᠦ ᠤᠭᠰᠠᠷᠠᠬᠤ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂  ᠳᠣᠯᠠᠭᠠᠯᠭ᠎ᠠ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠯᠠᠪᠯᠠᠨ ᠠᠰᠠᠭᠤᠪᠠ᠃ ᠲᠡᠷᠡ ᠬᠡᠯᠡᠬᠦ ᠳᠡᠭᠡᠨ᠂ ᠳᠣᠯᠠᠭᠠᠯᠭ᠎ᠠ ᠶᠢᠨ ᠢᠨᠵᠧᠨᠧᠷᠢᠩ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠶᠢᠨ ᠠᠵᠢᠯ ᠤᠨ ︽ᠰᠢᠵᠢᠷ ᠠᠯᠲᠠᠨ ᠬᠤᠭᠤᠴᠠᠭ᠎ᠠ︾ ᠶᠢ ᠠᠮᠵᠢᠨ ᠠᠳᠬᠤᠵᠤ᠂ ᠬᠦᠴᠦᠨ ᠢᠶᠠᠨ ᠳᠣᠭᠢᠷᠠᠭᠤᠯᠤᠨ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠡᠯ᠎ᠡ ᠵᠦᠢᠯ ᠤᠨ ᠪᠠᠷᠢᠯᠭ᠎ᠠ ᠶᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠪᠠᠲᠤᠯᠠᠬᠤ ᠬᠡᠷᠡᠭᠲᠡᠶ ᠭᠡᠵᠡᠶ᠃    ᠨᠥᠬᠦᠷᠯᠡᠯ ᠵᠠᠮ ᠤᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠮᠠ ᠬᠠᠢ ᠲᠤᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠵᠤ᠂ ᠪᠠᠷᠢᠯᠭ᠎ᠠ ᠶᠢᠨ ᠶᠠᠪᠤᠴᠠ ᠶᠢ ᠴᠢᠨᠠᠭᠰᠢᠳᠠ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠮᠤᠷ ᠲᠦᠪᠰᠢᠨ ᠤ ᠲᠣᠭᠲᠠᠭᠠᠯ ᠢ ᠴᠢᠩᠭ᠎ᠠ ᠵᠢᠷᠤᠮᠯᠠᠵᠤ᠂ ᠤᠯᠠᠨ ᠲᠦᠮᠡᠨ ᠤ ᠶᠠᠪᠤᠵᠤ ᠰᠠᠭᠤᠬᠤ ᠪᠠ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃    ᠢ ᠴᠢᠤᠸᠠᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠭᠤᠷᠪᠠᠳᠤᠭᠠᠷ ᠤᠰᠤᠨ ᠤ ᠦᠢᠯᠡᠳᠪᠦᠷᠢ ᠳᠤ᠂ ᠮᠠ ᠬᠠᠢ ᠲᠤᠤ ᠬᠤᠳᠠ ᠶᠢᠨ ᠤᠰᠤ ᠬᠠᠩᠭᠠᠬᠤ᠂ ᠤᠰᠤ ᠴᠡᠪᠡᠷᠵᠢᠭᠦᠯᠬᠦ᠂ ᠤᠰᠤᠨ ᠤ ᠴᠢᠨᠠᠷ ᠢ ᠰᠢᠯᠭᠠᠨ ᠪᠠᠶᠢᠴᠠᠭᠠᠬᠤ᠂ ᠺᠣᠮᠫᠠᠨᠢ ᠶᠢᠨ ᠡᠵᠡᠩᠨᠡᠯᠲᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠬᠢᠨᠠᠨ ᠬᠡᠮᠵᠢᠯᠲᠡ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠭᠤᠭᠤᠵᠢᠵᠤ ᠭᠤᠭᠤᠵᠢᠬᠤ ᠵᠡᠷᠭᠡ ᠦᠵᠡᠭᠳᠡᠯ ᠢ ᠭᠤᠣᠯᠳᠠᠯᠭ᠎ᠠ ᠲᠠᠢ ᠠᠩᠬᠠᠷᠴᠤ᠂ ᠤᠰᠤ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠲᠡᠰ ᠳᠡᠪᠰᠢᠭᠦᠯᠬᠦ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠤᠷᠮᠠᠰᠢᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠠᠯᠳᠠᠭᠳᠠᠯ ᠢᠶᠠᠨ ᠡᠷᠲᠡᠬᠡᠨ ᠣᠯᠵᠠᠪᠤᠷᠢ ᠲᠠᠢ ᠪᠣᠯᠭᠠᠬᠤ ᠬᠡᠷᠡᠭᠲᠡᠢ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号