| | ᠡᠨᠡ ᠵᠢᠯ ᠤᠨ ᠲᠦᠷᠦᠭᠦᠦ 7 ᠰᠠᠷ᠎ᠠ ᠳᠤ᠂ ᠡᠷᠢᠶᠡᠨ ᠪᠣᠭᠤᠮᠲᠠ ᠪᠠᠷ ᠣᠷᠣᠵᠤ ᠭᠠᠷᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 1092.4 ᠲᠦᠮᠡᠨ ᠲᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5. | 8 ᠪᠠᠷ ᠨᠡᠮᠡᠭᠳᠡᠪᠡ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ 863.2 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ︔ ᠭᠠᠳᠠᠭᠠᠳᠤ ᠭᠠᠷᠭᠠᠯᠲᠠ 229.2 | ᠲᠦᠮᠡᠨ ᠲᠣᠨ ᠳᠤ ᠬᠦᠷᠴᠦ᠂ 15% ᠪᠠᠷ ᠨᠡᠮᠡᠭᠳᠡᠪᠡ᠃ | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ 16 ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ | ︽ᠭᠠᠭᠴᠠ ᠴᠣᠩᠬᠤᠪᠴᠢ︾ ᠶᠢᠨ ᠤᠬᠠᠭᠤᠯᠭ᠎ᠠ ᠪᠠ ᠬᠡᠷᠡᠭᠯᠡᠭᠡᠨ ᠤ ᠪᠣᠯᠪᠠᠰᠤᠷᠠᠭᠤᠯᠤᠯ ᠤᠨ ᠡᠷᠴᠢᠮ ᠢ | ᠴᠢᠩᠭᠠᠷᠠᠭᠤᠯᠵᠤ᠂ ᠠᠵᠤ ᠠᠬᠤᠶᠢᠯᠠᠯ ᠤᠨ ︽ᠭᠠᠭᠴᠠ ᠴᠣᠩᠬᠤᠪᠴᠢ︾ ᠪᠠᠷ ᠭᠤᠶᠤᠴᠢᠯᠠᠨ ᠮᠡᠳᠡᠭᠦᠯᠬᠦ ᠶᠢ | ᠵᠢᠷᠤᠮᠵᠢᠭᠤᠯᠤᠨ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠣᠳᠠᠲᠠᠶ ᠠᠵᠢᠯ ᠢᠶᠠᠷ ᠦᠢᠯᠡᠴᠢᠯᠡᠭᠡᠨ ᠤ ᠬᠢᠷᠢ ᠲᠦᠪᠰᠢᠨ ᠢᠶᠠᠨ | ᠳᠡᠭᠡᠭᠰᠢᠯᠡᠭᠦᠯᠦᠨ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ | ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠥᠭᠦᠮ ᠳᠥᠲᠡ ᠥᠨᠳᠥᠷ | ᠪᠦᠲᠦᠮᠵᠢᠲᠡᠶ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ | ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠲᠣᠭᠲᠠᠭᠤᠨ ᠤ | ᠳᠤᠮᠳᠠ ᠰᠠᠶᠢᠵᠢᠷᠠᠬᠤ ᠪᠠᠶᠢᠳᠠᠯ ᠢᠯᠡᠷᠡᠵᠡᠢ᠃ | ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠡᠷᠢᠶᠡᠨ ᠪᠣᠭᠤᠮᠲᠠ ᠶᠢᠨ ᠬᠢᠨ ᠦᠷᠭᠦᠯᠵᠢᠯᠡᠨ ︽ | ᠭᠠᠭᠴᠠ ᠴᠣᠩᠬᠤᠪᠴᠢ︾ ᠪᠠᠷ ᠲᠠᠪᠴᠠᠩ ᠪᠣᠯᠭᠠᠵᠤ᠂ ︽ᠭᠠᠭᠴᠠ ᠴᠣᠩᠬᠤᠪᠴᠢ︾ ᠶᠢᠨ ᠡᠯ᠎ᠡ ᠵᠦᠢᠯ ᠤᠨ ᠲᠥᠬᠦᠮ | ᠴᠢᠳᠠᠮᠵᠢ ᠶᠢ ᠭᠦᠢᠴᠡᠳ ᠠᠭᠤᠳᠠᠯᠵᠤ᠂ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾᠂ ︽ᠬᠤᠶᠠᠷ | ᠠᠯᠬᠤᠮ ᠳᠤ ᠭᠤᠶᠤᠴᠢᠯᠠᠨ ᠮᠡᠳᠡᠭᠦᠯᠬᠦ︾ ᠵᠡᠷᠭᠡ ᠪᠣᠭᠤᠮᠲᠠ ᠪᠠᠷ ᠳᠥᠭᠦᠮ ᠳᠥᠲᠡ ᠥᠩᠭᠡᠷᠡᠬᠦ ᠵᠠᠭᠪᠤᠷ ᠢ ᠯᠠᠪᠳᠠᠭᠤᠨ | ᠪᠠᠲᠤᠲᠠᠶ ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠣᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠪᠣᠭᠤᠮᠲᠠ ᠶᠢᠨ ᠥᠷᠭᠡᠨ ᠣᠯᠠᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠶ ᠲᠥᠷᠥ ᠶᠢᠨ ᠪᠣᠳᠣᠯᠭ᠎ᠠ ᠶᠢᠨ ᠠᠰᠢᠭ | ᠬᠦᠷᠲᠡᠭᠡᠨ᠎ᠡ᠃ |