ᠥᠪᠡᠷ ᠢ ᠪᠠᠨ ᠢᠯᠠᠨ ᠳᠠᠪᠠᠵᠤ᠂ ᠣᠯᠠᠮ ᠳᠡᠬᠦᠰ ᠳᠡᠬᠦᠯᠳᠡᠷ ᠪᠣᠯᠭᠠᠨ᠎ᠠ︕ ᠬᠤᠲᠠ ᠶᠢᠨ ᠵᠡᠮᠳᠡᠭᠴᠦᠳ ᠤᠨ ᠬᠤᠯᠪᠣᠭ᠎ᠠ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠰᠣᠨᠢᠷᠬᠠᠯᠲᠤ ᠲᠠᠮᠢᠷ ᠤᠨ ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2024/9/10
    9 ᠰᠠᠷ᠎ᠠ ᠶᠢᠨ 9 ᠤ ᠡᠳᠦᠷ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠮᠠᠨ ᠤ ᠬᠤᠲᠠ ᠶᠢᠨ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠵᠦ᠂ ᠵᠡᠮᠳᠡᠭᠴᠣᠳ ᠲᠠᠢ ᠢᠳᠡᠪᠬᠢᠲᠡᠶ ᠪᠠᠷ ᠠᠭᠤᠰᠣᠯᠴᠠᠵᠦ᠂ ᠵᠣᠷᠢᠭᠲᠠᠶ ᠪᠠᠷ ᠣᠷᠣᠯᠴᠠᠵᠦ᠂ ᠥᠪᠡᠷ ᠢ ᠪᠠᠨ ᠰᠣᠷᠢᠭᠰᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃     ᠤᠷᠤᠯᠳᠤᠭᠠᠨ ᠤ ᠶᠠᠪᠤᠴᠠ ᠳᠤ᠂ ᠬᠤᠲᠠ ᠶᠢᠨ ᠵᠡᠬᠦᠨ ᠬᠤᠳᠠ ᠨᠡᠶᠢᠭᠡᠮ ᠲᠣᠭᠤᠷᠢᠭ᠂ ᠤᠮᠠᠷᠠᠲᠤ ᠬᠢᠯᠢ ᠶᠢᠨ ᠨᠡᠶᠢᠭᠡᠮ ᠲᠣᠭᠤᠷᠢᠭ ᠤᠨ ᠠᠵᠢᠯᠲᠠᠨ ᠠᠵᠢᠯᠴᠢᠨ ᠵᠢᠴᠢ ᠵᠡᠮᠳᠡᠭᠴᠦᠳ ᠤᠨ ᠲᠥᠯᠥᠭᠡᠯᠡᠭᠴᠢ ᠬᠠᠮᠲᠤ ᠪᠠᠷ ᠣᠷᠣᠯᠴᠠᠵᠤ᠂ ᠲᠡᠳᠡᠨ ᠤ ᠨᠤᠭᠤᠷᠠᠰᠢ ᠥᠬᠡᠶ ᠲᠡᠮᠡᠴᠡᠵᠦ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠲᠠᠯᠠᠪᠠᠢ ᠶᠢᠨ ᠬᠠᠵᠠᠭᠤᠳᠠᠬᠢ ᠦᠵᠡᠭᠴᠢᠳ ᠤᠤᠬᠠᠢ ᠬᠠᠰᠬᠢᠷᠬᠤ ᠳᠠᠭᠤᠨ ᠨᠠᠮᠡᠵᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠤᠯᠠᠨ ᠢᠶᠠᠷ ᠢᠶᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠷᠢᠳᠢ ᠰᠢᠳᠢ ᠪᠣᠯᠤᠨ ᠪᠠᠶᠠᠷ ᠪᠠᠶᠠᠰᠤᠯ ᠤᠨ ᠳᠤᠮᠳᠠ ᠰᠣᠭᠲᠣᠭᠤᠷᠠᠪᠠ᠃     ᠠᠵᠢᠯᠯᠠᠭ᠎ᠠ ᠨᠢ ᠭᠠᠷ ᠬᠥᠯ ᠢᠶᠠᠨ ᠬᠠᠮᠲᠤ ᠳᠤᠨᠢ ᠬᠡᠷᠡᠭᠯᠡᠵᠦ᠂ ᠰᠡᠳᠬᠢᠯ ᠨᠢᠭᠡᠳᠦᠨ ᠬᠡᠩᠭᠡᠷᠭᠡ ᠳᠡᠯᠡᠳᠬᠦ᠂ ᠲᠣᠭᠲᠠᠭᠰᠠᠨ ᠴᠡᠭ ᠠᠴᠠ ᠪᠦᠮᠪᠦᠭᠡ ᠣᠷᠣᠭᠤᠯᠬᠤ ᠵᠡᠷᠭᠡ 8 ᠲᠦᠷᠦᠯ ᠵᠦᠢᠯ ᠢ ᠨᠠᠷᠢᠨ ᠨᠢᠮᠪᠠᠢ ᠪᠠᠶᠢᠷᠢᠯᠠᠭᠤᠯᠵᠤ᠂ ᠳᠤᠷ᠎ᠠ ᠰᠣᠨᠢᠷᠬᠠᠯ ᠤᠨ ᠠᠵᠢᠯᠯᠠᠭ᠎ᠠ ᠨᠢᠭᠡᠪᠦᠷᠢ ᠳᠤ ᠴᠥᠮ ᠣᠷᠭᠢᠯᠤᠮ᠎ᠠ ᠰᠡᠳᠬᠢᠯᠭᠡ ᠪᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠨ᠎ᠠ᠃ ᠰᠡᠳᠬᠢᠯ ᠨᠢᠭᠡᠳᠦᠨ ᠬᠡᠩᠭᠡᠷᠭᠡ ᠳᠡᠯᠡᠳᠬᠦ ᠲᠣᠭᠯᠠᠭᠠᠮ ᠤᠨ ᠳᠤᠮᠳᠠ᠂ ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠵᠢᠯ ᠤᠨ ᠬᠤᠪᠢᠶᠠᠷᠢᠯᠠᠯ ᠲᠣᠳᠣᠷᠬᠠᠶ ᠪᠠᠶᠢᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠣᠶᠤᠨ ᠤᠬᠠᠭᠠᠨ ᠪᠠ ᠣᠷᠭᠢᠯᠤᠮ᠎ᠠ ᠬᠠᠯᠠᠭᠤᠨ ᠰᠡᠳᠬᠢᠯᠭᠡ ᠭᠤᠶᠢᠳᠠ ᠰᠠᠶᠢᠬᠠᠨ ᠰᠢᠢᠳᠪᠦᠷᠢᠲᠦ ᠪᠣᠳᠣᠯᠭ᠎ᠠ ᠲᠣᠭᠯᠠᠪᠠ᠃     ᠵᠡᠮᠳᠡᠭᠴᠦᠳ ᠤᠨ ᠲᠥᠯᠥᠭᠡᠯᠡᠭᠴᠢ ᠵᠠᠩ ᠯᠢ ᠰᠢᠨ᠄ ︽ᠥᠨᠥᠳᠥᠷ ᠪᠢ ᠵᠡᠮᠳᠡᠭᠴᠦᠳ ᠤᠨ ᠰᠣᠨᠢᠷᠬᠠᠯᠲᠤ ᠲᠠᠮᠢᠷ ᠤᠨ ᠴᠤᠭᠯᠠᠭᠠᠨ ᠳᠤ ᠠᠩᠬ᠎ᠠ ᠤᠳᠠᠭ᠎ᠠ ᠣᠷᠣᠯᠴᠠᠵᠤ ᠮᠠᠰᠢ ᠪᠠᠶᠠᠷᠲᠠᠢ ᠪᠠᠶᠢᠨ᠎ᠠ᠃ ᠮᠢᠨᠦ ᠦᠵᠡᠬᠦ ᠪᠠᠷ ᠡᠨᠡ ᠬᠦ ᠠᠵᠢᠯᠯᠠᠭ᠎ᠠ ᠨᠢ ᠵᠡᠮᠳᠡᠭᠴᠦᠳ ᠤᠨ ᠡᠷᠡᠭᠦᠯᠵᠢᠯ ᠳᠤ ᠴᠢᠬᠤᠯᠠ ᠦᠢᠯᠡᠳᠦᠯ ᠲᠠᠢ ᠮᠥᠷᠲᠡᠭᠡᠨ ᠵᠡᠮᠳᠡᠭᠴᠦᠳ ᠤᠨ ᠨᠡᠶᠢᠭᠡᠮ ᠳᠤ ᠠᠭᠤᠰᠤᠯᠴᠠᠬᠤ ᠨᠢᠭᠡ ᠬᠥᠭᠦᠷᠭᠡ ᠪᠣᠯᠤᠨ᠎ᠠ᠂ ᠬᠤᠶᠢᠰᠢᠳᠠ ᠪᠢ ᠦᠷᠭᠦᠯᠵᠢ ᠭᠡᠷ ᠠᠴᠠ ᠪᠠᠨ ᠭᠠᠷᠴᠤ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠠᠮᠢᠳᠤᠷᠠᠯ ᠤᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ᠎ᠡ  ︾ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号