ᠰᠢᠨᠵᠢᠶᠠᠩ ᠤᠨ ᠲᠠ ᠴᠧᠩ ᠣᠷᠣᠨ ᠤ ᠨᠠᠮ ᠤᠨ ᠬᠤᠷᠢᠶᠠᠨ ᠤ ᠱᠦᠵᠢ ᠸᠧᠶ ᠵᠢᠶᠠᠨ ᠭᠦᠸᠧ ᠨᠠᠷ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/9/11
    9 ᠰᠠᠷ᠎ᠠ ᠶᠢᠨ 10 ᠤ ᠡᠳᠦᠷ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠲᠠ ᠴᠧᠩ ᠣᠷᠣᠨ ᠤ ᠨᠠᠮ ᠤᠨ ᠬᠤᠷᠢᠶᠠᠨ ᠤ ᠱᠦᠵᠢ ᠸᠧᠢ ᠵᠢᠶᠠᠨ ᠭᠦᠸᠧ ᠰᠢᠨᠵᠢᠯᠡᠨ ᠪᠠᠶᠢᠴᠠᠭᠠᠬᠤ ᠳᠤᠭᠤᠶᠢᠯᠠᠩ ᠳᠠᠭᠠᠭᠤᠯᠤᠨ ᠮᠠᠨ ᠤ ᠬᠤᠲᠠ ᠳᠤ ᠰᠢᠨᠵᠢᠯᠡᠨ ᠪᠠᠶᠢᠴᠠᠭᠠᠵᠤ᠂ ᠪᠣᠭᠤᠮᠲᠠ ᠶᠢᠨ ᠭᠤᠣᠯᠯᠠᠬᠤ ᠴᠢᠳᠠᠪᠤᠷᠢ ᠶᠢᠨ ᠪᠠᠶᠢᠭᠤᠯᠤᠯᠲᠠ᠂ ᠪᠣᠭᠤᠮᠲᠠ ᠪᠠᠷ ᠥᠩᠭᠡᠷᠡᠬᠦ ᠦᠢᠯᠡᠴᠢᠯᠡᠭᠡ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
    ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠤᠶᠤᠨᠲᠤ ᠪᠣᠭᠤᠮᠲᠠ ᠶᠢᠨ ᠬᠠᠮᠢᠶᠠᠷᠤᠯᠲᠠ ᠶᠢᠨ ᠲᠠᠪᠴᠠᠩ᠂ ᠬᠤᠸᠠᠨ ᠢᠦᠢ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ᠂ ᠪᠣᠭᠤᠮᠲᠠ ᠶᠢᠨ ᠵᠤᠭᠠᠴᠠᠯ ᠤᠨ ᠪᠠᠶᠢᠴᠠᠭᠠᠯᠲᠠ ᠶᠢᠨ ᠲᠢᠩᠬᠢᠮ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ᠂ ᠬᠢᠯᠢ ᠠᠯᠤᠰᠯᠠᠭᠰᠠᠨ ᠬᠠᠮᠲᠤᠷᠠᠯᠴᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
     ᠮᠠ ᠬᠠᠢ ᠲᠤᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠡᠷᠢᠶᠡᠨ ᠬᠤᠳᠠ ᠪᠣᠯ ᠮᠠᠨ ᠤ ᠤᠯᠤᠰ ᠤᠨ ᠮᠣᠩᠭᠤᠯ ᠤᠯᠤᠰ ᠲᠤ ᠨᠡᠭᠡᠭᠡᠯᠲᠡ ᠲᠠᠢ ᠬᠠᠮᠤᠭ ᠤᠨ ᠶᠡᠭᠡ ᠶᠡᠷᠦᠩᠬᠡᠶᠢᠯᠡᠭᠰᠡᠨ ᠴᠢᠨᠠᠷᠲᠠᠢ ᠪᠣᠭᠤᠮᠲᠠ ᠪᠣᠯᠤᠨ᠎ᠠ᠂ ︽ᠲᠣᠷᠭᠠᠨ ᠵᠠᠮ︾ ᠤᠨ ᠠᠵᠤ ᠠᠬᠤᠢ ᠶᠢᠨ ᠪᠦᠰᠡ ᠪᠣᠯᠤᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠳᠠᠬᠢ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠲᠦᠢᠯ ᠤᠨ ᠴᠢᠬᠤᠯᠠ ᠶᠤᠮ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠤᠯᠤᠯᠴᠠᠭ᠎ᠠ ᠬᠠᠮᠵᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
    ᠸᠧᠶ ᠵᠢᠶᠠᠨ ᠭᠦᠸᠧ᠂ ᠲᠠ ᠴᠧᠩ ᠪᠣᠯ ᠡᠬᠡ ᠤᠯᠤᠰ ᠤᠨ ᠪᠠᠷᠠᠭᠤᠨ ᠬᠤᠶᠢᠲᠤ ᠶᠢᠨ ᠬᠢᠯᠢ ᠳᠤ ᠪᠠᠶᠢᠷᠢᠯᠠᠵᠤ᠂ ᠬᠢᠵᠠᠭᠠᠷ ᠳᠣᠲᠣᠷ᠎ᠠ 260 ᠭᠠᠷᠤᠢ ᠵᠢᠯ ᠤᠨ ᠠᠷᠠᠯᠵᠢᠶ᠎ᠠ ᠨᠡᠪᠲᠡᠷᠡᠭᠰᠡᠨ ᠲᠡᠦᠬᠡ ᠲᠠᠢ ᠪᠠᠲᠤᠲᠤ ᠪᠣᠭᠤᠮᠲᠠ ᠪᠠᠶᠢᠨ᠎ᠠ᠃ ᠲᠣᠰ ᠪᠣᠭᠤᠮᠲᠠ ᠨᠢ ᠪᠥᠬᠦ ᠵᠢᠯ ᠳᠤ ᠪᠣᠭᠤᠮᠲᠠ ᠪᠠᠷ ᠥᠩᠭᠡᠷᠡᠵᠦ᠂ ᠬᠤᠲᠠ ᠶᠢᠨ ᠲᠣᠭᠤᠷᠢᠭ ᠠᠴᠠ 12 ᠺᠢᠯᠣᠮᠧᠲᠷ ᠵᠠᠶᠢᠲᠠᠶ ᠪᠠᠶᠢᠵᠤ᠂ ᠺᠠᠽᠠᠭᠰᠲ᠋ᠠᠨ ᠪᠣᠭᠤᠮᠲᠠ ᠠᠴᠠ ᠵᠥᠪᠬᠡᠨ 800 ᠮᠧᠲᠷ ᠯᠡ ᠵᠠᠶᠢᠲᠠᠶ ᠪᠠᠶᠢᠵᠤ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠲᠤᠷᠰᠢᠯᠲᠠ ᠶᠢᠨ ᠴᠡᠭ ᠪᠣᠯᠬᠤ ᠪᠣᠭᠤᠮᠲᠠ ᠪᠠᠶᠢᠵᠤ᠂ ᠲᠠᠷᠢᠶᠠᠯᠠᠩ ᠤᠨ ᠪᠦᠲᠦᠭᠡᠭᠳᠡᠬᠦᠨ ᠤ ᠲᠦᠷᠭᠡᠨ ᠨᠡᠪᠲᠡᠷᠡᠬᠦ ︽ᠰᠠᠭᠠᠳ ᠥᠬᠡᠶ ᠨᠡᠪᠲᠡᠷᠡᠬᠦ ᠵᠠᠮ︾ ᠪᠠ ᠠᠮᠤ ᠪᠤᠳᠠᠭ᠎ᠠ᠂ ᠮᠢᠬᠠᠨ ᠤ ᠲᠥᠷᠥᠯ ᠢ ᠭᠠᠳᠠᠭᠠᠳᠤ ᠠᠴᠠ ᠣᠷᠣᠭᠤᠯᠬᠤ ᠬᠢᠷᠢ ᠬᠡᠮ ᠲᠠᠢ ᠪᠠᠶᠢᠳᠠᠭ᠃ ᠬᠤᠶᠠᠷ ᠭᠠᠵᠠᠷ ᠤᠨ ᠬᠢᠨ ᠰᠣᠯᠢᠯᠴᠠᠭ᠎ᠠ ᠬᠢᠵᠦ ᠬᠠᠮᠲᠤᠷᠠᠯᠴᠠᠬᠤ ᠪᠠᠨ ᠴᠢᠩᠭᠠᠳᠬᠠᠵᠤ᠂ ᠰᠢᠨ᠎ᠡ ᠶᠢ ᠡᠭᠦᠳᠬᠦ ᠠᠵᠢᠯ ᠢ ᠲᠥᠯᠥᠪᠵᠢᠭᠦᠯᠵᠦ᠂ ᠭᠠᠳᠠᠭᠠᠳᠤ ᠨᠡᠭᠡᠭᠡᠯᠲᠡ ᠪᠠᠨ ᠬᠠᠮᠲᠤ ᠪᠠᠷ ᠥᠷᠭᠡᠳᠬᠡᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号