ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/9/11
      9 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠠᠶᠢᠨᠠᠨ᠂ ᠭᠤᠸᠠᠩᠳᠦ᠋ᠩ ᠵᠡᠷᠭᠡ ᠭᠠᠵᠠᠷ ᠤᠨ ᠲᠠᠶᠢᠹᠤᠩ ᠰᠠᠯᠬᠢᠨ ᠤ ᠭᠠᠮᠰᠢᠭ ᠵᠡᠷᠭᠡ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠪᠠᠨ ᠴᠢᠩᠭ᠎ᠠ ᠱᠠᠭᠠᠷᠳᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠳᠤ ᠪᠠᠨ ᠴᠢᠩᠭ᠎ᠠ ᠬᠠᠮᠢᠶᠠᠷᠴᠤ᠂ ᠨᠠᠮᠴᠢ ᠴᠢᠨᠠᠷ᠂ ᠰᠠᠬᠢᠯᠭ᠎ᠠ ᠪᠠᠲᠤ ᠶᠢᠨ ᠬᠥᠮᠦᠵᠢᠯ ᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠬᠤ ᠬᠡᠷᠡᠭᠲᠡᠶ︔ ᠭᠤᠣᠯᠳᠠᠯᠭ᠎ᠠ ᠲᠠᠢ ᠣᠷᠣᠨ ᠪᠦᠰᠡ ᠶᠢᠨ ᠳᠤᠲᠠᠭᠤᠳᠠᠯ ᠪᠠᠭᠤᠷᠠᠢ ᠵᠦᠢᠯ ᠢ ᠴᠢᠩᠭ᠎ᠠ ᠠᠩᠬᠠᠷᠴᠤ᠂ ᠭᠠᠮᠰᠢᠭ ᠢ ᠰᠡᠷᠭᠡᠶᠢᠯᠡᠨ ᠠᠷᠭᠠᠴᠠᠭᠠᠬᠤ ᠶᠢ ᠴᠢᠩᠭᠠᠳᠬᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ︾ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠣᠰᠣ ᠰᠤᠷᠲᠠᠬᠤᠨ ᠢ ᠲᠡᠷᠢᠭᠦᠨ ᠳᠤ ᠲᠠᠯᠪᠢᠬᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠰᠤᠷᠤᠭᠴᠢᠳ ᠤᠨ ᠦᠵᠡᠵᠦ ᠰᠣᠨᠣᠰᠬᠤ ᠳᠤᠷᠠᠲᠠᠢ ᠠᠷᠭ᠎ᠠ ᠬᠡᠯᠪᠡᠷᠢ ᠪᠠᠷ ᠤᠯᠠᠨ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠰᠢᠨ᠎ᠡ ᠴᠠᠭ ᠦᠶ᠎ᠡ ᠶᠢᠨ ᠬᠦᠰᠡᠯᠡᠩ ᠲᠠᠢ᠂ ᠶᠣᠰᠣ ᠰᠤᠷᠲᠠᠬᠤᠨ ᠲᠠᠢ᠂ ᠰᠣᠶᠣᠯ ᠲᠠᠢ᠂ ᠰᠠᠬᠢᠯᠭ᠎ᠠ ᠪᠠᠲᠤ ᠲᠠᠢ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ ᠬᠡᠷᠡᠭᠲᠡᠢ᠃      ᠬᠤᠷᠠᠯ ᠠᠴᠠ᠂ ᠰᠦᠨ ᠱᠤᠤ ᠴᠧᠩ ᠱᠦᠵᠢ ᠶᠢᠨ ᠠᠶᠢᠮᠠᠭ ᠬᠤᠳᠠ ᠲᠢᠩᠬᠢᠮ ᠲᠤᠪᠴᠢᠶ᠎ᠠ ᠶᠢᠨ ᠭᠤᠣᠯ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠪᠣᠭᠤᠮᠲᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠢᠳᠡᠪᠬᠢᠲᠡᠢ ᠰᠦᠪᠡᠭᠴᠢᠯᠡᠵᠦ᠂ ᠲᠤᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ ᠶᠢ ᠢᠳᠡᠪᠬᠢᠲᠡᠢ ᠰᠦᠪᠡᠭᠴᠢᠯᠡᠵᠦ᠂ ︽ᠲᠠᠪᠤᠨ ᠶᠡᠭᠡ ᠡᠭᠦᠷᠭᠡ︾ ᠶᠢ ᠡᠷᠡᠰ ᠰᠠᠶᠢᠲᠤᠷ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠰᠢᠨ᠎ᠡ ᠵᠠᠮ ᠢ ᠨᠡᠭᠡᠭᠡᠬᠦ᠂ ᠳᠤᠮᠳᠠᠳᠤ ᠤᠷᠤᠰᠬᠠᠯ ᠳᠤ ᠣᠷᠣᠬᠤ ᠬᠠᠷᠠᠯᠲᠠ ᠲᠡᠰᠢ ᠴᠢᠷᠮᠠᠶᠢᠨ ᠤᠷᠤᠭᠰᠢᠯᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠠᠵᠢᠯ ᠬᠢᠵᠦ ᠦᠢᠯᠡᠰ ᠴᠣᠭᠴᠠᠯᠠᠬᠤ ᠶᠠᠪᠤᠴᠠ ᠳᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠰᠡᠳᠬᠢᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠵᠤ᠂ ᠪᠣᠭᠤᠮᠲᠠ ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠨᠡᠮᠡᠷᠢᠯᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠵᠦ᠂ ᠢᠷᠡᠬᠦ ᠵᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ ᠢ ᠨᠠᠷᠢᠨ ᠨᠢᠮᠪᠠᠢ ᠲᠥᠯᠥᠪᠵᠢᠭᠦᠯᠵᠦ᠂ ᠢᠳᠡᠪᠬᠢᠲᠡᠢ ᠪᠠᠷ ᠳᠡᠭᠡᠭᠰᠢ ᠤᠯᠤᠯᠴᠠᠨ ᠵᠣᠯᠭᠠᠭᠤᠯᠵᠤ᠂ ᠲᠦᠷᠦᠯ ᠵᠦᠢᠯ ᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号