ᠡᠷᠢᠶᠡᠨ ᠬᠤᠲᠠ ᠶᠢᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠣᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/9/12
 
    9 ᠰᠠᠷ᠎ᠠ ᠶᠢᠨ 11 ᠤ ᠡᠳᠦᠷ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠪᠯᠡᠷᠡᠩᠭᠦᠶ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠡᠯ᠎ᠡ ᠲᠥᠷᠥᠯ ᠤᠨ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠠᠨᠢᠯᠴᠠᠭᠤᠯᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠰᠠᠭᠤᠭᠠᠯᠢ ᠠᠷᠠᠳ ᠲᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ᠂ 2025 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠰᠦᠢᠳᠬᠡᠯ ᠲᠤᠰᠢᠶᠠᠬᠤ ᠶᠠᠪᠤᠴᠠ᠂ ᠬᠠᠷᠠᠭᠠᠯᠵᠠᠯ ᠤᠨ ᠪᠠᠲᠤᠯᠠᠭ᠎ᠠ ᠵᠡᠷᠭᠡ ᠶᠢ ᠤᠬᠠᠭᠤᠯᠬᠤ ᠶᠢᠨ ᠬᠠᠮᠲᠤ ᠣᠯᠠᠨ ᠤ ᠬᠤᠯᠪᠣᠭᠳᠠᠯ ᠪᠥᠬᠦᠶ ᠮᠠᠳᠠᠭ ᠲᠠᠢ ᠠᠰᠠᠭᠤᠳᠠᠯ ᠢ ᠨᠠᠷᠢᠨ ᠬᠢᠨᠠᠮᠠᠭᠠᠶ ᠬᠠᠷᠢᠭᠤᠯᠵᠤ᠂ ᠰᠠᠭᠤᠭᠠᠯᠢ ᠠᠷᠠᠳ ᠤᠨ ᠢᠳᠡᠪᠬᠢᠲᠡᠶ ᠪᠠᠷ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠤᠨ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ ᠤᠴᠠᠷᠠᠭᠤᠯᠤᠭᠰᠠᠨ ᠪᠣᠳᠠᠲᠤ ᠠᠰᠢᠭ ᠪᠠ ᠲᠥᠬᠦᠮ ᠨᠥᠬᠦᠴᠡᠯ ᠢ ᠭᠥᠷᠳᠡᠪᠡ᠃      ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠪ ᠤᠨ ᠳᠡᠳ᠋ ᠡᠷᠬᠢᠯᠡᠭᠴᠢ ᠯᠢᠶᠠᠩ ᡁᠢ ᠹᠧᠩ᠄ ︽ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠰᠠᠭᠤᠭᠠᠯᠢ ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠠᠩᠰᠠ ᠲᠠᠶᠢᠯᠬᠤ ᠠᠷᠭ᠎ᠠ ᠵᠠᠮ᠂ ᠡᠮ ᠡᠮᠨᠡᠯᠭᠡ ᠶᠢᠨ ᠳᠠᠭᠠᠳᠬᠠᠯ ᠤᠨ ᠴᠢᠬᠤᠯᠠ ᠴᠢᠨᠠᠷ ᠵᠡᠷᠭᠡ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠬᠦᠰᠡᠵᠦ ᠪᠠᠶᠢᠨ᠎ᠠ︾ ᠭᠡᠵᠡᠶ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠨᠢ ᠪᠠᠰᠠ ᠰᠤᠮᠤ᠂ ᠨᠡᠶᠢᠭᠡᠮ ᠲᠣᠭᠤᠷᠢᠭ ᠵᠡᠷᠭᠡ ᠭᠠᠵᠠᠷ ᠲᠤ ᠭᠦᠨᠵᠡᠭᠡᠶᠢᠷᠡᠵᠦ᠂ ᠡᠮ ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠵᠤ᠂ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号