| | ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 8 ᠰᠠᠷ᠎ᠠ ᠳᠤ ᠡᠷᠢᠶᠡᠨ | ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 308.7 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.8% ᠪᠠᠷ ᠨᠡᠮᠡᠭᠳᠡᠪᠡ︔ | ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ 153 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.9% ᠪᠠᠷ ᠪᠠᠭᠠᠰᠴᠤ᠂ ᠭᠠᠳᠠᠭᠠᠳᠤ ᠭᠠᠷᠭᠠᠯᠲᠠ 155.7 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.8% ᠪᠠᠷ ᠨᠡᠮᠡᠭᠳᠡᠪᠡ᠃ | | | | | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ | ᠴᠢᠳᠠᠪᠤᠷᠢ ᠡᠮᠬᠢ ᠵᠢᠷᠤᠮ ᠲᠠᠢ ᠰᠡᠷᠭᠦᠵᠦ᠂ ᠵᠡᠰ ᠤᠨ ᠬᠦᠳᠡᠷ ᠤᠨ ᠡᠯᠡᠰᠦ᠂ ᠨᠡᠭᠦᠷᠡᠰᠦ᠂ ᠴᠠᠭᠠᠰᠤᠨ ᠡᠭᠡᠳᠡᠩ᠂ | ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠲᠠᠸᠠᠷ ᠴᠥᠮ ᠨᠡᠮᠡᠭᠳᠡᠬᠦ ᠪᠠᠶᠢᠳᠠᠯ ᠢᠯᠡᠷᠡᠪᠡ᠃ ᠡᠷᠢᠶᠡᠨ | ᠪᠣᠭᠤᠮᠲᠠ ᠶᠢᠨ ᠪᠣᠳᠠᠲᠠᠢ ᠲᠠᠢ ᠤᠶᠠᠯᠳᠤᠭᠤᠯᠤᠨ ᠬᠠᠪᠰᠤᠷᠤᠨ ᠲᠡᠳᠬᠦᠬᠦ ᠠᠵᠤ ᠠᠬᠤᠶᠢᠯᠠᠯ ᠤᠨ ᠬᠦᠴᠢᠷᠳᠡᠯ ᠢ | ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ︽ᠭᠠᠭᠴᠠ ᠴᠣᠩᠬᠤᠪᠴᠢ︾ ᠶᠢᠨ ᠤᠬᠠᠭᠤᠯᠭ᠎ᠠ ᠪᠠ | ᠬᠡᠷᠡᠭᠯᠡᠭᠡᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ︽ᠭᠠᠭᠴᠠ | ᠴᠣᠩᠬᠤᠪᠴᠢ︾ ᠪᠠᠷ ᠭᠤᠶᠤᠴᠢᠯᠠᠨ ᠮᠡᠳᠡᠭᠦᠯᠬᠦ ᠶᠢ ᠵᠢᠷᠤᠮᠵᠢᠭᠤᠯᠤᠨ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ | ᠠᠵᠢᠯ ᠢᠶᠠᠷ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠳᠤ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠷ ᠪᠣᠭᠤᠮᠲᠠ ᠪᠠᠷ | ᠥᠩᠭᠡᠷᠡᠬᠦ ᠶᠢ ᠪᠠᠲᠤᠯᠠᠪᠠ᠃ | | | | | ᠳᠠᠷᠠᠭᠠᠴᠢ ᠶᠢᠨ ᠠᠯᠬᠤᠮ ᠳᠤ᠂ ᠡᠷᠢᠶᠡᠨ ᠪᠣᠭᠤᠮᠲᠠ ᠶᠢᠨ ᠬᠢᠨ ᠦᠷᠭᠦᠯᠵᠢᠯᠡᠨ ︽ᠳᠠᠩ ᠭᠠᠭᠴᠠ ᠴᠣᠩᠬᠤᠪᠴᠢ︾ | ᠪᠠᠷ ᠲᠠᠪᠴᠠᠩ ᠪᠣᠯᠭᠠᠵᠤ᠂ ︽ᠳᠠᠩ ᠭᠠᠭᠴᠠ ᠴᠣᠩᠬᠤᠪᠴᠢ︾ ᠶᠢᠨ ᠡᠯ᠎ᠡ ᠵᠦᠢᠯ ᠤᠨ ᠳᠥᠭᠦᠮ ᠳᠥᠲᠡ | ᠴᠢᠳᠠᠮᠵᠢ ᠶᠢ ᠭᠦᠢᠴᠡᠳ ᠠᠭᠤᠳᠠᠯᠵᠤ᠂ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾᠂ ︽ᠬᠤᠶᠠᠷ | ᠠᠯᠬᠤᠮ ᠢᠶᠠᠷ ᠭᠤᠶᠤᠴᠢᠯᠠᠨ ᠮᠡᠳᠡᠭᠦᠯᠬᠦ︾ ᠵᠡᠷᠭᠡ ᠪᠣᠭᠤᠮᠲᠠ ᠪᠠᠷ ᠳᠥᠭᠦᠮ ᠳᠥᠲᠡ ᠥᠩᠭᠡᠷᠡᠬᠦ ᠵᠠᠭᠪᠤᠷ ᠢ | ᠯᠠᠪᠳᠠᠭᠤᠨ ᠪᠠᠲᠤᠲᠠᠢ ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠣᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠪᠣᠭᠤᠮᠲᠠ ᠶᠢᠨ ᠥᠷᠭᠡᠨ ᠣᠯᠠᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠢ ᠲᠥᠷᠥ ᠶᠢᠨ ᠪᠣᠳᠣᠯᠭ᠎ᠠ ᠶᠢᠨ | ᠠᠰᠢᠭ ᠬᠦᠷᠲᠡᠭᠡᠵᠦ᠂ ᠪᠣᠭᠤᠮᠲᠠ ᠶᠢᠨ ᠤᠯᠠᠮ ᠨᠢᠭᠡ ᠠᠯᠬᠤᠮ ᠬᠥᠭᠵᠢᠬᠦ ᠳᠤ ᠬᠦᠴᠦᠨ ᠨᠡᠮᠡᠷᠢᠯᠡᠨ᠎ᠡ᠃ |