ᠵᠡᠬᠦᠨ ᠬᠤᠳᠠ ᠨᠡᠶᠢᠭᠡᠮ ᠲᠣᠭᠤᠷᠢᠭ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠮᠡᠳᠡᠯᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/9/13
     9 ᠰᠠᠷ᠎ᠠ ᠶᠢᠨ 11 ᠤ ᠡᠳᠦᠷ᠂ ᠳ᠋ᠦᠩ ᠴᠧᠩ ᠨᠡᠶᠢᠭᠡᠮ ᠲᠣᠭᠤᠷᠢᠭ ᠤᠨ ᠬᠢᠨ ︽ᠨᠠᠮ ᠤᠨ ᠪᠠᠶᠢᠭᠤᠯᠤᠯᠲᠠ ᠪᠠᠷ ᠵᠡᠭᠦᠨ ᠬᠤᠳᠠ ᠶᠢᠨ ᠨᠠᠢᠮᠠᠨ ᠰᠠᠷ᠎ᠠ ᠶᠢᠨ ᠲᠡᠷᠭᠡᠯ ᠰᠥᠨᠢ ᠶᠢᠨ ᠬᠥᠷᠰᠢ ᠰᠠᠭᠠᠬᠠᠯᠲᠠ ᠨᠤᠭᠤᠳ ᠢ ᠳᠤᠯᠠᠭᠠᠴᠠᠭᠤᠯᠬᠤ ᠪᠠᠷ ᠪᠣᠯᠵᠣᠶ᠎ᠠ︾ ᠭᠡᠬᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠮᠡᠳᠡᠯᠭᠡ ᠶᠢᠨ ᠤᠷᠤᠯᠳᠤᠭᠠᠨ ᠢ ᠡᠷᠬᠢᠯᠡᠵᠦ᠂ ᠨᠡᠶᠢᠭᠡᠮ ᠲᠣᠭᠤᠷᠢᠭ ᠤᠨ ᠵᠢᠷᠭᠤᠭᠠᠨ ᠨᠠᠮ ᠤᠨ ᠡᠭᠦᠷ ᠤᠨ 18 ᠨᠠᠮ ᠤᠨ ᠭᠡᠰᠢᠭᠦᠨ ᠤ ᠲᠥᠯᠥᠭᠡᠯᠡᠭᠴᠢ ᠤᠷᠤᠯᠳᠤᠭᠠᠨ ᠳᠤ ᠣᠷᠣᠯᠴᠠᠪᠠ᠃     ᠲᠤᠰ ᠤᠳᠠᠭ᠎ᠠ ᠶᠢᠨ ᠤᠷᠤᠯᠳᠤᠭᠠᠨ ᠳᠤ ᠬᠤᠪᠢ ᠬᠥᠮᠦᠨ ᠤ ᠡᠷᠬᠡᠪᠰᠢ ᠬᠠᠷᠢᠭᠤᠯᠬᠤ ᠰᠡᠳᠦᠪ᠂ ᠳᠤᠭᠤᠶᠢᠯᠠᠩ ‍ᠤᠨ‌ᠡᠷᠬᠡᠪᠰᠢ ᠬᠠᠷᠢᠭᠤᠯᠬᠤ ᠰᠡᠳᠦᠪ᠂ ᠵᠠᠪᠳᠦᠨ ᠬᠠᠷᠢᠭᠤᠯᠬᠤ ᠰᠡᠳᠦᠪ ᠵᠡᠷᠭᠡ ᠭᠤᠷᠪᠠᠨ ᠭᠤᠭᠴᠤᠭ᠎ᠠ ᠶᠢ ᠲᠤᠬᠢᠷᠠᠭᠤᠯᠵᠤ᠂ ᠰᠢᠯᠭᠠᠯᠲᠠ ᠶᠢᠨ ᠰᠡᠳᠦᠪ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠵᠡᠷᠭᠡ ᠠᠭᠤᠯᠭ᠎ᠠ ᠶᠢ ᠴᠢᠩᠭ᠎ᠠ ᠡᠵᠡᠮᠳᠡᠵᠡᠢ᠃     ᠵᠠᠪᠳᠤᠨ ᠬᠠᠷᠢᠭᠤᠯᠬᠤ ᠰᠡᠳᠦᠪ ᠲᠤ᠂ ᠲᠠᠮᠢᠷᠴᠢᠳ ᠠᠮᠢ ᠴᠦᠯᠡᠨ ᠲᠡᠮᠡᠴᠡᠵᠦ᠂ ᠲᠠᠷᠢᠬᠢ ᠲᠤᠯᠤᠭᠠᠢ ᠪᠠᠨ ᠠᠳᠠᠯᠢᠳᠬᠠᠵᠤ᠂ ᠤᠷᠤᠯᠳᠤᠭᠠᠨ ᠤ ᠬᠤᠪᠢ ᠪᠠᠨ ᠲᠠᠰᠤᠷᠠᠯᠲᠠ ᠦᠭᠡᠢ ᠰᠢᠨᠡᠳᠬᠡᠵᠦ᠂ ᠨᠡᠷᠡᠰ ᠤᠨ ᠵᠢᠭᠰᠠᠭᠠᠯᠲᠠ ᠶᠢ ᠡᠭᠡᠯᠵᠢᠯᠡᠨ ᠬᠤᠪᠢᠷᠠᠭᠤᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠪᠠᠴᠢᠮ ᠪᠥᠭᠡᠳ ᠬᠦᠷ ᠬᠥᠭᠵᠢᠶᠡᠨ ᠲᠠᠢ ᠪᠠᠶᠢᠯ᠎ᠠ᠃ ᠪᠦᠬᠦ᠋ᠢᠯᠡ ᠲᠠᠯᠠᠪᠤᠷ ᠤᠨ ᠤᠷᠤᠯᠳᠤᠭᠠᠨ ᠳᠤ ᠡᠯ᠎ᠡ ᠠᠩᠭᠢ ᠶᠢᠨ ᠲᠠᠮᠢᠷᠴᠢᠳ ᠤᠨ ᠲᠡᠮᠡᠴᠡᠯ ᠤᠨ ᠵᠣᠷᠢᠭ ᠪᠠᠳᠠᠷᠠᠩᠭᠤᠶ᠂ ᠲᠦᠷᠭᠡᠨ ᠰᠡᠳᠦᠪ ᠬᠠᠷᠢᠭᠤᠯᠵᠤ᠂ ᠲᠤᠬᠠᠶ ᠶᠢᠨ ᠲᠠᠯᠠᠪᠠᠢ ᠳᠤ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠪᠡ᠃     ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠢ ᠡᠷᠬᠢᠯᠡᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠺᠠᠳ᠋ᠷ ᠠᠵᠢᠯᠲᠠᠨ ᠠᠵᠢᠯᠴᠢᠨ ᠤ ᠰᠤᠷᠤᠯᠴᠠᠬᠤ ᠬᠠᠯᠠᠭᠤᠨ ᠰᠡᠳᠬᠢᠯᠭᠡ ᠨᠠᠩ ᠨᠡᠮᠡᠭᠳᠡᠵᠦ᠂ ︽ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠬᠤ ᠪᠠᠷ ᠠᠵᠢᠯᠯᠠᠭ᠎ᠠ ᠶᠢ ᠠᠬᠢᠭᠤᠯᠬᠤ︾ ᠦᠷ᠎ᠡ ᠳ᠋ᠦᠩ ᠳᠤ ᠬᠦᠷᠴᠡᠶ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠦᠷ᠎ᠡ ᠪᠦᠲᠦᠭᠡᠯ ᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠡᠷᠡᠯᠬᠡᠭᠯᠡᠨ ᠤᠷᠤᠭᠰᠢᠯᠠᠬᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠤᠨ ᠰᠢᠨ᠎ᠡ ᠠᠶᠠᠨ ᠵᠠᠮ ᠳᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠦᠨᠳᠦᠰᠦᠨ ᠱᠠᠲᠤᠨ ᠤ ᠠᠵᠢᠯ ᠢ ᠰᠠᠶᠢᠲᠤᠷ ᠡᠷᠬᠢᠯᠡᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号