【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠤᠨ ᠡᠮᠦᠨ᠎ᠡ 8 ᠰᠠᠷ᠎ᠠ ᠳᠤ ᠡᠷᠢᠶᠡᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 10 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2024/9/14
    ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 8 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 10 ᠲᠦᠮᠡᠨ ᠲᠣᠨ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 32.9% ᠪᠠᠷ ᠨᠡᠮᠡᠭᠳᠡᠪᠡ︔ ᠪᠠᠷᠠᠭᠠᠨ ᠤ ᠥᠷᠲᠡᠭ ᠨᠢ 3.7 ᠳ᠋ᠦᠩᠰᠢᠭᠤᠷ ᠲᠥᠭᠦᠷᠢᠭ ᠲᠤ ᠬᠦᠷᠴᠦ᠂ 1.8 ᠳᠠᠬᠢᠨ ᠨᠡᠮᠡᠭᠳᠡᠪᠡ᠃       9 ᠰᠠᠷ᠎ᠠ ᠶᠢᠨ 12 ᠤ ᠡᠳᠦᠷ ᠤᠨ ᠥᠷᠯᠥᠭᠡ᠂ ᠡᠷᠢᠶᠡᠨ ᠬᠤᠲᠠ ᠶᠢᠨ ᠬᠤᠣ ᠭᠠᠩ ᠵᠢᠮᠢᠰ ᠢᠳᠡᠰᠢᠨ ᠨᠣᠭᠤᠭ᠎ᠠ ᠶᠢᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠠᠵᠢᠯᠴᠢᠳ ᠡᠬᠢᠯᠡᠨ ᠶᠠᠭᠠᠷᠠᠯᠲᠠᠢ ᠠᠵᠢᠯᠯᠠᠵᠤ᠂ ᠲᠡᠳᠡ ᠨᠢᠭᠡ ᠬᠠᠶᠢᠷᠴᠠᠭ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠶᠢ ᠪᠠᠷᠠᠭᠠᠨ ᠤ ᠲᠡᠷᠭᠡᠨ ᠳᠡᠭᠡᠷ᠎ᠡ ᠵᠥᠭᠡᠭᠡᠪᠦᠷᠢᠯᠡᠵᠦ ᠪᠠᠶᠢᠨ᠎ᠠ ᠃ 5 ᠴᠠᠭ ᠤᠨ ᠳᠠᠷᠠᠭ᠎ᠠ᠂ ᠪᠠᠷᠠᠭ᠎ᠠ ᠳᠦᠭᠦᠷᠲᠡᠯ᠎ᠡ ᠲᠡᠭᠡᠭᠡᠭᠰᠡᠨ ᠴᠢᠩᠭᠡᠯᠢᠭᠳᠦ ᠪᠠᠷᠠᠭᠠᠨ ᠤ ᠲᠡᠷᠭᠡ ᠪᠣᠭᠤᠮᠲᠠ ᠶᠢᠨ ᠪᠠᠶᠢᠴᠠᠭᠠᠨ ᠰᠢᠯᠭᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ ᠢᠶᠠᠷ ᠮᠣᠩᠭᠤᠯ ᠤᠯᠤᠰ ᠲᠤ ᠭᠠᠷᠭᠠᠨ᠎ᠠ᠃      2018 ᠣᠨ ᠳᠤ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠰᠠᠭᠠᠳ ᠦᠭᠡᠢ ᠨᠡᠪᠲᠡᠷᠡᠬᠦ ᠵᠠᠮ ᠨᠡᠪᠲᠡᠷᠡᠭᠰᠡᠨ ᠠᠴᠠ ᠨᠠᠰᠢ᠂ ᠡᠨᠡ ᠵᠢᠯ ᠤᠨ 8 ᠰᠠᠷ᠎ᠠ ᠶᠢᠨ ᠰᠡᠭᠦᠯᠴᠢ ᠪᠣᠯᠲᠠᠯ᠎ᠠ᠂ ᠡᠷᠢᠶᠡᠨ ᠪᠣᠭᠤᠮᠲᠠ ᠵᠢᠮᠢᠰ ᠨᠣᠭᠤᠭ᠎ᠠ ᠶᠢ ᠨᠡᠶᠢᠲᠡ 64.49 ᠲᠦᠮᠡᠨ ᠲᠣᠨ ᠬᠢᠨᠠᠨ ᠬᠠᠮᠢᠶᠠᠷᠴᠤ ᠭᠠᠳᠠᠭᠠᠳᠤ ᠳᠤ ᠭᠠᠷᠭᠠᠪᠠ᠃ ᠣᠳᠣᠬᠠᠨ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠳᠤ ᠰᠢᠬᠢᠷᠯᠢᠭ ᠯᠠᠵᠤᠤ᠂ ᠥᠷᠭᠡᠰᠦᠲᠦ ᠬᠡᠮᠬᠡ᠂ ᠲᠤᠯᠠᠭᠠᠨ ᠬᠤᠸᠠᠷ᠂ ᠠᠯᠮᠤᠷᠠᠳ᠂ ᠠᠯᠢᠮ᠎ᠠ᠂ ᠪᠠᠨᠠᠨᠠ ᠵᠡᠷᠭᠡ ᠲᠥᠷᠥᠯ ᠵᠦᠢᠯ ᠪᠠᠭᠲᠠᠵᠤ᠂ ᠡᠳᠦᠷ ᠪᠦᠷᠢ ᠳᠤᠮᠳᠠᠴᠢ ᠪᠠᠷ 20 ᠲᠡᠷᠭᠡ ᠭᠠᠳᠠᠭᠠᠳᠤ ᠳᠤ ᠭᠠᠷᠭᠠᠵᠤ᠂ ᠮᠣᠩᠭᠤᠯ ᠤᠯᠤᠰ ᠤᠨ ᠠᠷᠠᠳ ᠣᠯᠠᠨ ᠤ ᠭᠠᠳᠠᠭᠠᠳᠤ ᠠᠴᠠ ᠣᠷᠣᠭᠤᠯᠬᠤ ᠢᠳᠡᠰᠢᠨ ᠨᠣᠭᠤᠭ᠎ᠠ ᠵᠢᠮᠢᠰ ᠤᠨ 80% ᠶᠢᠨ ᠬᠡᠷᠡᠭᠴᠡᠭᠡ ᠶᠢ ᠬᠠᠩᠭᠠᠵᠤ ᠪᠠᠶᠢᠨ᠎ᠠ᠃      ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ︽ᠤᠷᠢᠳᠠᠪᠠᠷ ᠪᠠᠶᠢᠴᠠᠭᠠᠵᠤ ᠳᠠᠷᠠᠭ᠎ᠠ ᠨᠢ ᠠᠴᠢᠶᠠᠯᠠᠵᠤ ᠲᠡᠭᠡᠭᠡᠪᠦᠷᠢᠯᠡᠬᠦ︾ ᠵᠠᠭᠪᠤᠷ ᠢ ᠢᠳᠡᠪᠬᠢᠲᠡᠢ ᠨᠠᠶᠢᠳᠠᠪᠤᠷᠢᠵᠢᠭᠤᠯᠵᠤ᠂ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ︽52︾ ᠤᠷᠢᠳᠴᠢᠯᠠᠨ ᠪᠣᠯᠵᠣᠵᠤ ᠪᠠᠶᠢᠴᠠᠭᠠᠬᠤ ᠶᠢ ᠬᠡᠷᠡᠭᠵᠢᠭᠦᠯᠵᠦ᠂ ᠣᠶᠤᠨᠴᠢ ᠪᠠᠷ ᠬᠢᠨᠠᠯᠲᠠ ᠲᠠᠯᠪᠢᠵᠤ ᠠᠴᠢᠶᠠᠯᠠᠨ ᠪᠠᠭᠤᠯᠭᠠᠬᠤ᠂ ᠴᠠᠭ ᠲᠤᠬᠠᠢ ᠳᠤᠨᠢ ᠪᠢᠲᠡᠭᠦᠮᠵᠢᠯᠡᠬᠦ᠂ ᠬᠠᠯᠳᠠᠪᠤᠷᠢᠯᠠᠬᠤ ᠦᠭᠡᠢ ᠮᠠᠶ᠋ᠢᠭ ᠢᠶᠠᠷ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠭᠠᠳᠠᠭᠠᠳᠤ ᠳᠤ ᠭᠠᠷᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ᠠᠵᠤ ᠠᠬᠤᠶᠢᠯᠠᠯ ᠤᠨ ᠳᠠᠩᠰᠠᠯᠠᠭᠤᠯᠬᠤ᠂ ᠪᠣᠭᠤᠮᠲᠠ ᠪᠠᠷ ᠥᠩᠭᠡᠷᠡᠬᠦ᠂ ᠠᠶᠤᠯᠭᠦᠢ ᠦᠢᠯᠡᠳᠪᠦᠷᠢᠯᠡᠯ᠂ ᠬᠢᠨᠠᠯᠲᠠ ᠬᠠᠮᠢᠶᠠᠷᠤᠯᠲᠠ ᠵᠡᠷᠭᠡ ᠪᠣᠳᠠᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠳᠤ ᠨᠢᠭᠡ︾ ᠶᠢᠨ ᠯᠠᠪᠯᠠᠭ᠎ᠠ ᠶᠢᠨ ᠦᠢᠯᠡᠴᠢᠯᠡᠭᠡ ᠬᠠᠩᠭᠠᠵᠤ᠂ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ ᠥᠩᠭᠡᠷᠡᠬᠦ ︽ᠰᠠᠭᠠᠳ ᠦᠭᠡᠢ ᠨᠡᠪᠲᠡᠷᠡᠬᠦ ᠵᠠᠮ︾ ᠤᠨ ᠥᠨᠳᠥᠷ ᠪᠦᠲᠦᠮᠵᠢᠲᠡᠶ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠪᠠᠳᠣᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号