| | | 9 ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ 2024 ᠣᠨ ᠤ ︽ᠨᠢᠭᠡ ᠪᠦᠰᠡ ᠨᠢᠭᠡ ᠵᠠᠮ | · ᠬᠠᠷᠠᠭ᠎ᠠ ᠰᠡᠷᠭᠦᠭᠡᠬᠦ ᠠᠶᠠᠯᠠᠯ︾ ᠤᠨ ᠮᠣᠩᠭᠤᠯ ᠤᠯᠤᠰ ᠲᠠᠬᠢ ᠠᠵᠢᠯᠯᠠᠭ᠎ᠠ ᠶᠢᠨ ᠬᠠᠷᠠᠭ᠎ᠠ ᠰᠡᠷᠭᠦᠭᠡᠬᠦ ᠮᠡᠰᠡ | ᠵᠠᠰᠠᠯ ᠤᠨ ᠠᠵᠢᠯᠯᠠᠭ᠎ᠠ ᠮᠠᠨ ᠤ ᠬᠤᠲᠠ ᠳᠤ ᠶᠠᠪᠤᠭᠳᠠᠵᠤ᠂ ᠮᠣᠩᠭᠤᠯ ᠤᠯᠤᠰ ᠤᠨ ᠴᠠᠭᠠᠨ ᠬᠠᠷᠠᠩ ᠡᠪᠡᠳᠴᠢᠲᠡᠨ ᠳᠤ | ᠨᠡᠶᠢᠲᠡ 114 ᠴᠠᠭᠠᠨ ᠬᠠᠷᠠᠩ ᠡᠪᠡᠳᠴᠢᠲᠡᠨ ᠢ ᠦᠨ᠎ᠡ ᠲᠥᠯᠥᠪᠦᠷᠢ ᠦᠭᠡᠢ ᠪᠠᠷ ᠬᠠᠷᠠᠭ᠎ᠠ ᠣᠷᠣᠭᠤᠯᠬᠤ ᠮᠡᠰᠡ | ᠵᠠᠰᠠᠯ ᠬᠢᠵᠦ ᠥᠭᠪᠡ᠃ | 9 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠴᠢ᠊ ᠪᠠᠲᠤ | ᠮᠡᠰᠡ ᠵᠠᠰᠠᠯ ᠬᠢᠭᠰᠡᠨ ᠤ ᠳᠠᠷᠠᠭᠠᠬᠢ ᠡᠪᠡᠳᠴᠢᠲᠡᠨ ᠢ ᠪᠣᠯᠭᠤᠭᠠᠨ ᠲᠣᠬᠤᠨᠢᠭᠤᠯᠪᠠ᠃ | ︽ᠨᠢᠭᠡ ᠪᠦᠰᠡ ᠨᠢᠭᠡ ᠵᠠᠮ · ᠬᠠᠷᠠᠭ᠎ᠠ ᠰᠡᠷᠭᠦᠭᠡᠬᠦ ᠠᠶᠠᠯᠠᠯ︾ ᠤᠨ ᠮᠤᠩᠭᠤᠯ ᠤᠯᠤᠰ ᠲᠠᠬᠢ ᠠᠵᠢᠯᠯᠠᠭ᠎ᠠ ᠪᠤᠯ | ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠯᠤᠰ ᠤᠨ ︽ᠨᠢᠭᠡ ᠪᠦᠰᠡ ᠨᠢᠭᠡ ᠵᠠᠮ︾ | ᠤᠨ ᠪᠦᠳᠦᠭᠡᠨ ᠪᠠᠶᠢᠭᠤᠯᠤᠯᠳᠠ ᠪᠠ ᠦᠪᠦᠷ ᠮᠤᠩᠭᠤᠯ ᠤᠨ ᠤᠮᠠᠷᠠᠰᠢ ᠨᠡᠭᠡᠭᠡᠯᠳᠡ ᠬᠢᠬᠦ ᠶᠡᠭᠡ ᠲᠠᠯ᠎ᠠ ᠠᠴᠠ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠦᠷᠨᠢᠭᠦᠯᠦᠭᠰᠡᠨ ᠤᠯᠤᠰ ᠠᠯᠤᠰᠯᠠᠭᠰᠠᠨ ᠬᠦᠮᠦᠯᠢᠭ ᠦᠵᠡᠯ ᠤᠨ | ᠬᠠᠮᠳᠤᠷᠠᠯᠴᠠᠭᠠᠨ ᠤ ᠲᠦᠷᠦᠯ ᠵᠦᠢᠯ ᠪᠤᠯᠤᠨ᠎ᠠ᠃ | ᠣᠲᠣ ᠪᠣᠯᠲᠠᠯ᠎ᠠ᠂ ᠮᠣᠩᠭᠤᠯ ᠤᠯᠤᠰ ᠤᠨ ᠴᠠᠭᠠᠨ ᠬᠠᠷᠠᠩ ᠡᠪᠡᠳᠴᠢᠨ ᠲᠠᠢ 3178 ᠡᠪᠡᠳᠴᠢᠲᠡᠨ ᠢ ᠰᠢᠭᠰᠢᠨ | ᠪᠠᠶᠢᠴᠠᠭᠠᠵᠤ᠂ ᠦᠨ᠎ᠡ ᠲᠥᠯᠥᠪᠦᠷᠢ ᠥᠬᠡᠶ ᠪᠠᠷ 539 ᠬᠤᠪᠢ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ᠂ | ᠡᠪᠡᠳᠴᠢᠲᠡᠳ ᠢ ᠳᠠᠬᠢᠨᠲᠠ ᠭᠡᠭᠡᠨ ᠰᠠᠷᠠᠭᠤᠯ ᠪᠣᠯᠭᠠᠪᠠ᠃ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ | ᠶᠠᠩ ᠹᠧᠩ ᠢ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ | ᠸᠠᠩ ᠰᠠᠨ ᠱᠢ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠵᠢᠶ ᠬᠦᠶ ᠯᠢ᠂ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃ | | |