2024 ᠣᠨ ᠤ 7 ᠰᠠᠷ᠎ᠠ ᠶᠢᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/9/18
    7 ᠰᠠᠷ᠎ᠠ ᠶᠢᠨ ᠰᠡᠭᠦᠯᠴᠢ᠂ ᠬᠠᠷᠢᠶ᠎ᠠ ᠣᠷᠣᠨ ᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰ ᠭᠠᠳᠠᠭᠠᠳᠤ ᠶᠢᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ 147.35 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 5.45 ᠳ᠋ᠦᠩᠰᠢᠭᠤᠷ ᠲᠥᠭᠦᠷᠢᠭ ᠨᠡᠮᠡᠭᠳᠡᠵᠦ᠂ 3.84% ᠪᠠᠷ ᠨᠡᠮᠡᠭᠳᠡᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 17.14 ᠳ᠋ᠦᠩᠰᠢᠭᠤᠷ ᠲᠥᠭᠦᠷᠢᠭ ᠨᠡᠮᠡᠭᠳᠡᠵᠦ᠂ 13.16% ᠪᠠᠷ ᠨᠡᠮᠡᠭᠳᠡᠪᠡ᠃ ᠭᠠᠳᠠᠭᠠᠳᠤ ᠶᠢᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 101.22 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 2.08 ᠳ᠋ᠦᠩᠰᠢᠭᠤᠷ ᠲᠥᠭᠦᠷᠢᠭ ᠨᠡᠮᠡᠭᠳᠡᠵᠦ᠂ 2.10% ᠪᠠᠷ ᠨᠡᠮᠡᠭᠳᠡᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10.20 ᠳ᠋ᠦᠩᠰᠢᠭᠤᠷ ᠲᠥᠭᠦᠷᠢᠭ ᠨᠡᠮᠡᠭᠳᠡᠵᠦ᠂ 11.20% ᠪᠠᠷ ᠨᠡᠮᠡᠭᠳᠡᠪᠡ᠃     2024 ᠣᠨ ᠤ 1 - 7 ᠰᠠᠷ᠎ᠠ ᠳᠤ᠂ ᠠᠵᠤ ᠠᠬᠤᠶᠢᠯᠠᠯ ᠤᠨ ᠵᠢᠭᠡᠯᠡᠯᠭᠡ ᠨᠡᠶᠢᠲᠡ 20.24 ᠳ᠋ᠦᠩᠰᠢᠭᠤᠷ ᠲᠥᠭᠦᠷᠢᠭ ᠲᠠᠯᠪᠢᠵᠤ᠂ ᠲᠣᠰ ᠭᠠᠳᠠᠭᠠᠳᠤ ᠶᠢᠨ ᠵᠣᠭᠤᠰ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 83.74 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠵᠦᠢᠯ ᠤᠨ ᠵᠢᠭᠡᠯᠡᠯᠭᠡ ᠶᠢᠨ 82.73% ᠶᠢ ᠡᠵᠡᠯᠡᠪᠡ︔ ᠡᠭᠦᠨ ᠳᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 51.81 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠵᠦᠢᠯ ᠤᠨ ᠵᠢᠭᠡᠯᠡᠯᠭᠡ ᠶᠢᠨ 51.18% ᠶᠢ ᠡᠵᠡᠯᠡᠪᠡ᠃     2024 ᠣᠨ ᠤ 1 - 7 ᠰᠠᠷ᠎ᠠ ᠳᠤ᠂ ᠪᠥᠬᠦ ᠬᠤᠲᠠ ᠶᠢᠨ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠳᠬᠠᠯ ᠤᠨ ᠣᠷᠣᠯᠭ᠎ᠠ ᠨᠢ ᠨᠡᠶᠢᠲᠡ 14078.02 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.45% ᠪᠠᠷ ᠪᠠᠭᠤᠷᠠᠪᠠ︔ ᠳᠠᠭᠠᠳᠬᠠᠯ ᠤᠨ ᠲᠥᠯᠥᠪᠦᠷᠢ ᠥᠭᠬᠦ ᠵᠠᠷᠤᠯᠭ᠎ᠠ ᠨᠡᠶᠢᠲᠡ 3894.73 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.26% ᠪᠠᠷ ᠨᠡᠮᠡᠭᠳᠡᠪᠡ ᠃ ᠾᠧᠩ ᠲᠠᠢ ᠦᠨᠡᠲᠦ ᠲᠡᠮᠳᠡᠭᠲᠦ ᠶᠢᠨ ᠡᠷᠢᠶᠡᠨ ᠬᠤᠳᠠ ᠳᠠᠬᠢ ᠡᠵᠡᠩᠨᠡᠯᠲᠡ ᠶᠢᠨ ᠭᠠᠵᠠᠷ ᠤᠨ ᠳᠠᠩᠰᠠ ᠨᠡᠭᠡᠭᠡᠭᠰᠡᠨ ᠲᠤᠭ᠎ᠠ 7791 ᠡᠷᠦᠬᠡ ᠠᠷᠠᠯᠵᠢᠶᠠᠯᠠᠭᠰᠠᠨ ᠲᠤᠭ᠎ᠠ 9.48 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号