| | 1 - 7 ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶ ᠶᠡᠷᠦᠩᠬᠡᠶ ᠳᠡᠭᠡᠨ ᠳᠡᠭᠡᠳᠦ ᠬᠡᠮᠵᠢᠶᠡᠨ ᠤ ᠨᠡᠮᠡᠭᠳᠡᠯ ᠲᠠᠢ ᠪᠠᠶᠢᠵᠤ᠂ ᠲᠦᠷᠭᠡᠨ ᠳᠤᠮᠳᠠ ᠲᠣᠭᠲᠠᠭᠤᠨ ᠪᠠᠶᠢᠳᠠᠯ | ᠢᠯᠡᠷᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ | ᠬᠤᠭᠤᠴᠠᠭᠠᠨ ᠤ ᠬᠢ ᠠᠴᠠ 67.8% ᠪᠠᠷ ᠨᠡᠮᠡᠭᠳᠡᠵᠦ᠂ ᠪᠦᠬᠦ ᠠᠶᠢᠮᠠᠭ ᠤᠨ 53 ᠵᠠᠭᠤᠨ ᠤ ᠨᠢᠭᠡᠴᠢ ᠠᠴᠠ | ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠤᠨ ᠲᠡᠷᠢᠭᠦᠨ ᠳᠤ ᠣᠷᠣᠪᠠ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 80.3% ᠳᠤ | ᠬᠦᠷᠴᠦ᠂ ᠪᠦᠬᠦ ᠠᠶᠢᠮᠠᠭ ᠤᠨ 71.2 ᠵᠠᠭᠤᠨ ᠤ ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠦᠬᠦ | ᠠᠶᠢᠮᠠᠭ ᠤᠨ ᠨᠢᠭᠡᠳᠦᠭᠡᠷ ᠲᠤ ᠣᠷᠣᠵᠤ᠂ ᠠᠵᠢᠯᠯᠠᠭᠠᠨ ᠨᠢ ᠳᠣᠣᠷᠠᠬᠢ ᠮᠡᠲᠦ ᠣᠨᠴᠠᠯᠢᠭ ᠲᠠᠢ᠄ | ᠨᠢᠭᠡ᠂ ᠲᠡᠮᠦᠷ ᠤᠨ ᠠᠭᠤᠷᠬᠠᠶ ᠶᠢ ᠰᠣᠩᠭᠤᠨ ᠭᠠᠷᠭᠠᠬᠤ ᠠᠵᠢᠯ ᠥᠨᠳᠥᠷ ᠨᠡᠮᠡᠭᠳᠡᠯ ᠤᠨ ᠪᠠᠶᠢᠳᠠᠯ ᠢᠶᠠᠨ | ᠪᠠᠲᠤᠯᠠᠪᠠ᠃ 1 - 7 ᠰᠠᠷ᠎ᠠ ᠳᠤ᠂ ᠲᠡᠮᠦᠷ ᠤᠨ ᠬᠦᠳᠡᠷ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 149.36% ᠪᠠᠷ | ᠨᠡᠮᠡᠭᠳᠡᠪᠡ᠂ ᠡᠭᠦᠨ ᠳᠤ᠄ ᠪᠥᠮᠪᠥᠭᠡᠨ ᠪᠦᠯᠬᠦᠮ 18.62 ᠲᠦᠮᠡᠨ ᠲᠣᠨ ᠳᠤ ᠬᠦᠷᠴᠦ᠂ ᠴᠡᠪᠡᠷ ᠨᠡᠮᠡᠭᠳᠡᠯ ᠢ | ᠪᠡᠶᠡᠯᠡᠭᠦᠯᠪᠡ︔ ᠲᠡᠮᠦᠷ ᠤᠨ ᠨᠠᠷᠢᠯᠢᠭ ᠨᠤᠨᠳᠠᠭ 107.09 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.17% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠦᠷᠳᠡᠭ ᠤᠨ ᠨᠡᠮᠡᠭᠳᠡᠯ ᠢ 62.84 ᠵᠠᠭᠤᠨ ᠤ ᠨᠢᠭᠡᠴᠢ ᠲᠠᠶᠢᠴᠢᠯᠠᠵᠠᠢ᠃ | ᠬᠤᠶᠠᠷ᠂ ᠨᠤᠤᠰᠤ ᠨᠤᠯᠤᠤᠷ ᠢ ᠪᠤᠯᠪᠠᠰᠤᠷᠠᠬᠤᠯᠬᠤ ᠨᠡᠮᠡᠭᠳᠡᠯ ᠤᠨ ᠬᠡᠮᠵᠢᠶ᠎ᠡ ᠢᠯᠡᠳᠲᠡ᠃ 1 - 7 ᠰᠠᠷ᠎ᠠ ᠳᠤ | ᠂ ᠨᠣᠯᠤᠤᠷ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ | ᠠᠳᠠᠯᠢ ᠬᠤᠭᠤᠴᠠᠭᠠᠨ ᠤ ᠬᠢ ᠠᠴᠠ 68.16% ᠪᠠᠷ ᠨᠡᠮᠡᠭᠳᠡᠵᠡᠶ᠂ ᠡᠭᠦᠨ ᠳᠤ᠄ ᠨᠣᠤᠰᠣ ᠥᠬᠡᠶ ᠨᠣᠯᠤᠤᠷ 331. | 8 ᠲᠣᠨ ᠪᠣᠯᠪᠠᠰᠤᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 52.25% ᠪᠠᠷ ᠨᠡᠮᠡᠭᠳᠡᠪᠡ︔ 226.81 | ᠲᠣᠨ ᠢᠮᠠᠭᠠᠨ ᠨᠣᠯᠤᠤᠷ ᠪᠣᠯᠪᠠᠰᠤᠷᠠᠭᠤᠯᠵᠤ᠂ ᠴᠡᠪᠡᠷ ᠨᠡᠮᠡᠭᠳᠡᠯ ᠤᠨ ᠬᠡᠮᠵᠢᠶ᠎ᠡ ᠶᠢ ᠪᠡᠶᠡᠯᠡᠭᠦᠯᠪᠡ᠃ | ᠭᠤᠷᠪᠠ᠂ ᠼᠧᠮᠧᠨ᠋ᠲ ᠤᠨ ᠦᠢᠯᠡᠳᠪᠦᠷᠢᠯᠡᠯ ᠪᠠᠭ᠎ᠠ ᠬᠡᠮᠵᠢᠶ᠎ᠡ ᠪᠠᠷ ᠨᠡᠮᠡᠭᠳᠡᠪᠡ᠃ 1 - 7 ᠳ᠋ᠤᠭᠠᠷ ᠰᠠᠷ᠎ᠠ ᠳᠤ᠂ | ᠱᠦᠢᠨᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ | ᠦᠷᠳᠡᠭ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠵᠦ᠂ ᠱᠦᠢᠨᠢ ᠶᠢᠨ ᠦᠢᠯᠡᠳᠪᠦᠷᠢᠯᠡᠯ 9.7 | ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 11.49% ᠪᠠᠷ ᠨᠡᠮᠡᠭᠳᠡᠪᠡ᠃ | ᠳᠥᠷᠪᠡ᠂ ᠢᠯᠴᠢ ᠶᠢᠨ ᠬᠦᠴᠦᠨ ᠤ ᠦᠢᠯᠡᠳᠪᠦᠷᠢᠯᠡᠯ ᠲᠣᠭᠲᠠᠭᠤᠨ ᠡᠷᠭᠢᠯᠲᠡ᠃ 1 - 7 ᠰᠠᠷ᠎ᠠ ᠳᠤ᠂ | ᠢᠯᠴᠢ ᠶᠢᠨ ᠬᠦᠴᠦᠨ ᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ | ᠠᠳᠠᠯᠢ ᠬᠤᠭᠤᠴᠠᠭᠠᠨ ᠤ ᠬᠢ ᠠᠴᠠ 4.38 % ᠪᠠᠷ ᠨᠡᠮᠡᠭᠳᠡᠵᠦ᠂ ᠢᠯᠴᠢ ᠬᠠᠩᠭᠠᠬᠤ ᠬᠡᠮᠵᠢᠶ᠎ᠡ 153.68 | ᠲᠦᠮᠡᠨ ᠵᠢᠶ ᠵᠢᠶᠤᠤ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.54 % ᠪᠠᠷ ᠨᠡᠮᠡᠭᠳᠡᠪᠡ᠃ | ᠲᠠᠪᠤ᠂ ᠴᠠᠬᠢᠯᠭᠠᠨ ᠬᠦᠴᠦᠨ ᠤ ᠦᠢᠯᠡᠳᠪᠦᠷᠢᠯᠡᠯ ᠦᠷᠭᠦᠯᠵᠢᠯᠡᠨ ᠪᠠᠭᠤᠷᠠᠪᠠ᠃ 1 - 7 ᠰᠠᠷ᠎ᠠ ᠳᠤ᠂ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 45.92% ᠢᠶᠠᠷ ᠪᠠᠭᠤᠷᠠᠪᠠ᠂ ᠡᠭᠦᠨ ᠳᠤ᠄ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ 14487.02 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 50.15% ᠪᠠᠷ ᠪᠠᠭᠤᠷᠠᠪᠠ᠂ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 20.64% ᠪᠠᠷ | ᠪᠠᠭᠤᠷᠠᠪᠠ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ 7884.66 ᠲᠦᠮᠡᠨ ᠺᠢᠯᠣᠸᠠᠲ ᠴᠠᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 21.69% ᠪᠠᠷ ᠪᠠᠭᠤᠷᠠᠪᠠ᠂ ᠭᠤᠣᠯ ᠰᠢᠯᠲᠠᠭᠠᠨ ᠨᠢ ᠴᠠᠬᠢᠯᠭᠠᠨ | ᠭᠠᠷᠭᠠᠬᠤ ᠲᠠᠯᠠᠪᠠᠢ ᠶᠢᠨ ᠴᠠᠬᠢᠯᠭᠠᠨ ᠢ ᠬᠢᠵᠠᠭᠠᠷᠯᠠᠭᠰᠠᠨ ᠶᠠᠪᠤᠳᠠᠯ ᠪᠣᠯᠤᠨ᠎ᠠ᠃ | ᠵᠢᠷᠭᠤᠭ᠎ᠠ᠂ ᠠᠮᠤ ᠲᠣᠰᠣ ᠡᠳᠰᠢᠭᠦᠯᠬᠦ ᠨᠢ ᠶᠡᠭᠡ ᠬᠡᠮᠵᠢᠶ᠎ᠡ ᠪᠠᠷ ᠪᠠᠭᠤᠷᠠᠪᠠ᠃ 1 - 7 ᠰᠠᠷ᠎ᠠ ᠳᠤ᠂ ᠠᠮᠤ | ᠲᠣᠰᠣ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ | ᠠᠳᠠᠯᠢ ᠬᠤᠭᠤᠴᠠᠭᠠᠨ ᠤ ᠬᠢ ᠠᠴᠠ 36.86% ᠪᠠᠭᠤᠷᠠᠵᠤ᠂ ᠡᠭᠦᠨ ᠳᠤ᠄ ᠨᠠᠷᠢᠯᠢᠭ ᠪᠣᠯᠪᠠᠰᠤᠷᠠᠭᠤᠯᠤᠭᠰᠠᠨ | ᠢᠳᠡᠭᠡᠨ ᠤ ᠤᠷᠭᠤᠮᠠᠯ ᠤᠨ ᠲᠣᠰᠣ 2569.9 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12. | 12% ᠪᠠᠷ ᠪᠠᠭᠤᠷᠠᠪᠠ︔ ᠨᠣᠣᠰᠣᠨ ᠲᠣᠰᠣ 913.22 ᠲᠣᠨ ᠪᠣᠯᠪᠠᠰᠤᠷᠠᠭᠤᠯᠵᠤ᠂ ᠠᠳᠠᠯᠢ | ᠬᠤᠭᠤᠴᠠᠭᠠᠨ ᠤ ᠬᠢ ᠠᠴᠠ 67.11% ᠪᠠᠷ ᠪᠠᠭᠤᠷᠠᠪᠠ︔ ᠪᠣᠯᠪᠠᠰᠤᠷᠠᠭᠤᠯᠤᠭᠰᠠᠨ ᠲᠡᠵᠢᠭᠡᠯ ᠪᠣᠷᠳᠤᠭ᠎ᠠ 6816. | 63 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.72% ᠢᠶᠠᠷ ᠪᠠᠭᠤᠷᠠᠪᠠ᠃ | ᠲᠠᠷᠠᠭᠠᠴᠢ ᠶᠢᠨ ᠠᠯᠬᠤᠮ ᠳᠤ᠂ ᠨᠢᠭᠡ ᠳᠤ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ | ᠠᠬᠤᠶ ᠶᠢᠨ ᠬᠥᠭᠵᠢᠯᠲᠡ ᠶᠢᠨ ᠣᠨᠴᠠᠯᠢᠭ ᠲᠤ ᠴᠢᠭᠯᠡᠭᠦᠯᠦᠨ᠂ ᠪᠣᠭᠤᠮᠲᠠ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠠᠵᠤ ᠦᠢᠯᠡᠰ ᠤᠨ ᠦᠢᠯᠡᠳᠬᠦᠨ ᠤ ᠪᠦᠲᠦᠴᠡ ᠶᠢ ᠲᠦᠷᠭᠡᠳᠬᠡᠨ ᠳᠣᠭᠢᠷᠠᠭᠤᠯᠤᠨ | ᠰᠢᠯᠢᠳᠡᠭᠵᠢᠭᠦᠯᠵᠦ᠂ ᠨᠢᠭᠡ ᠪᠦᠯᠦᠭ ᠤᠶᠤᠨᠴᠢᠯᠠᠭᠰᠠᠨ᠂ ᠪᠣᠬᠢᠷᠲᠤᠯ ᠥᠬᠡᠶ ᠪᠣᠯᠤᠭᠰᠠᠨ ᠪᠠ ᠳᠡᠭᠡᠳᠦ ᠲᠠᠰ ᠤᠨ ᠠᠵᠤ | ᠦᠢᠯᠡᠰ ᠢ ᠨᠠᠷᠢᠨ ᠨᠢᠮᠪᠠᠶ ᠪᠤᠶᠢᠵᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ | ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠬᠦ ᠶᠢ ᠳᠡᠮᠵᠢᠵᠦ᠂ ᠦᠢᠯᠡᠳᠬᠦᠨ ᠤ ᠨᠡᠮᠡᠯᠲᠡ ᠥᠷᠲᠡᠭ ᠪᠠ ᠵᠠᠬ᠎ᠠ | ᠳᠡᠯᠭᠡᠭᠦᠷ ᠤᠨ ᠥᠷᠢᠰᠥᠯᠳᠦᠭᠡᠨ ᠢ ᠳᠡᠭᠡᠭᠰᠢᠯᠡᠭᠦᠯᠬᠦ ᠶᠢ ᠳᠡᠮᠵᠢᠨ᠎ᠡ︔ ᠬᠤᠶᠠᠷ ᠲᠤ ᠳᠤᠮᠳᠠ ᠵᠢᠵᠢᠭ ᠪᠢᠴᠢᠯ ᠠᠵᠤ | ᠠᠬᠤᠶᠢᠯᠠᠯ ᠢ ᠲᠡᠳᠬᠦᠬᠦ ᠪᠠ ᠪᠤᠶᠢᠵᠢᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ | ᠪᠠᠶᠢᠳᠠᠯ ᠢ ᠴᠠᠭ ᠲᠤᠬᠠᠶ ᠳᠤᠨᠢ ᠬᠢᠨᠠᠨ ᠡᠵᠡᠮᠳᠡᠵᠦ᠂ ᠵᠢᠭᠰᠠᠭᠠᠨ ᠪᠠᠶᠢᠴᠠᠭᠠᠵᠤ ᠡᠮᠬᠢᠯᠡᠬᠦ ᠠᠵᠢᠯ ᠢ ᠰᠠᠶᠢᠲᠤᠷ ᠬᠢᠵᠦ᠂ | ᠠᠵᠤ ᠠᠬᠤᠶᠢᠯᠠᠯ ᠤᠨ ᠬᠡᠪᠴᠢᠶ᠎ᠡ ᠳᠤ ᠬᠦᠷᠬᠦ ᠦᠶ᠎ᠡ ᠳᠤ ᠴᠠᠭ ᠲᠤᠬᠠᠶ ᠳᠤᠨᠢ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠪᠦᠷᠢᠳᠬᠡᠯ ᠳᠤ ᠣᠷᠣᠭᠤᠯᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ | ᠪᠡᠶᠡᠯᠡᠭᠦᠯᠦᠨ᠎ᠡ᠃ |