【 ᠪᠢᠳᠡᠨ ᠤ ᠪᠠᠶᠠᠷ᠂ ᠨᠠᠢᠮᠠᠨ ᠰᠠᠷ᠎ᠠ ᠶᠢᠨ ᠲᠡᠷᠭᠡᠯ 】 ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠳᠤ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠦᠰ ᠲᠡᠷᠭᠡ ᠤᠨᠤᠭ᠎ᠠ ᠲᠣᠭᠲᠠᠭᠤᠨ ᠡᠮᠬᠢ ᠵᠢᠷᠤᠮ ᠲᠠᠢ  ᠪᠠᠶᠢᠨ᠎ᠠ
ᠨᠡᠶᠢᠲᠡᠯᠡᠭᠰᠡᠨ ᠴᠠᠭ᠄
2024/9/19
   9 ᠰᠠᠷ᠎ᠠ ᠶᠢᠨ 18 ᠤ ᠡᠳᠦᠷ᠂ ᠰᠤᠷᠪᠤᠯᠵᠢᠯᠠᠭᠴᠢ ᠡᠷᠢᠶᠡᠨ ᠪᠣᠭᠤᠮᠲᠠ ᠶᠢᠨ ᠬᠢᠯᠢ ᠪᠠᠷ ᠨᠠᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠠᠴᠠ ᠣᠶᠢᠯᠠᠭᠠᠵᠦ ᠮᠡᠳᠡᠭᠰᠡᠨ ᠨᠢ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠦᠰ 1.5 ᠲᠦᠮᠡ ᠭᠠᠷᠤᠢ ᠬᠥᠮᠦᠨ ᠤᠳᠠᠭ᠎ᠠ᠂ ᠵᠠᠮ ᠲᠡᠭᠡᠭᠡᠪᠦᠷᠢ ᠶᠢᠨ ᠪᠠᠭᠠᠵᠢ ᠬᠡᠷᠡᠭᠰᠡᠯ 4600 ᠭᠠᠷᠤᠢ ︵ᠡᠩᠨᠡᠭᠡ︶ ᠤᠳᠠᠭ᠎ᠠ  ᠪᠠᠶᠢᠪᠠ᠃      ᠨᠠᠢᠮᠠᠨ ᠰᠠᠷ᠎ᠠ ᠶᠢᠨ ᠠᠷᠪᠠᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ᠂ ᠡᠷᠢᠶᠡᠨ ᠪᠣᠭᠤᠮᠲᠠ ᠶᠢᠨ ᠬᠤᠶᠠᠷ ᠭᠠᠵᠠᠷ ᠤᠨ ᠠᠵᠢᠯ ᠳᠤ ᠭᠠᠷᠬᠤ ᠬᠥᠮᠦᠰ᠂ ᠲᠥᠷᠥᠯ ᠰᠠᠳᠤᠨ ᠢᠶᠠᠨ ᠡᠷᠭᠢᠵᠦ ᠦᠵᠡᠬᠦ ᠪᠠ ᠬᠢᠯᠢ ᠪᠠᠷ ᠣᠷᠣᠵᠤ ᠢᠷᠡᠬᠦ ᠬᠥᠮᠦᠰ ᠵᠡᠷᠭᠡ ᠠᠶᠠᠨᠴᠢᠳ ᠳᠠᠪᠬᠤᠴᠠᠵᠤ᠂ ᠡᠳᠦᠷ ᠪᠦᠷᠢ ᠬᠢᠯᠢ ᠪᠠᠷ ᠣᠷᠣᠵᠤ ᠭᠠᠷᠬᠤ ᠬᠥᠮᠦᠰ 5000 ᠭᠠᠷᠤᠶ ᠬᠥᠮᠦᠨ ᠤᠳᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ 1500 ᠭᠠᠷᠤᠶ ︵ᠴᠤᠪᠤᠭ᠎ᠠ︶ ᠤᠳᠠᠭ᠎ᠠ ᠳᠤ ᠬᠦᠷᠴᠦ ᠢᠷᠡᠪᠡ᠃
    ᠪᠠᠶᠠᠷ ᠤᠨ ᠡᠳᠦᠷ ᠤᠨ ᠬᠤᠭᠤᠴᠠᠭᠠᠨ ᠳᠤ ᠠᠮᠤᠷ ᠲᠦᠪᠰᠢᠨ᠂ ᠤᠷᠤᠭᠰᠢᠲᠠᠶ᠂ ᠡᠮᠬᠢ ᠵᠢᠷᠤᠮ ᠲᠠᠢ ᠪᠠᠷ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠶᠢᠨ ᠳᠣᠯᠠᠳᠠ᠂ ᠪᠣᠭᠤᠮᠲᠠ ᠶᠢᠨ ᠪᠣᠳᠠᠲᠠᠶ ᠪᠠᠶᠢᠳᠠᠯ ᠵᠢᠴᠢ ᠬᠢᠯᠢ ᠪᠠᠷ ᠣᠷᠣᠵᠤ ᠭᠠᠷᠬᠤ ᠤᠷᠤᠰᠬᠠᠯ ᠤᠨ ᠬᠡᠮᠵᠢᠶ᠎ᠡ ᠶᠢᠨ ᠵᠢᠱᠢᠯᠲᠡ ᠶᠢ ᠦᠨᠳᠦᠰᠦᠯᠡᠨ᠂ ᠡᠷᠢᠶᠡᠨ ᠤ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠪᠠᠶᠠᠷ ᠤᠨ ᠡᠳᠦᠷ ᠠᠴᠠ ᠡᠮᠦᠨ᠎ᠡ ︽ᠬᠤᠶᠠᠷ ᠢ ᠨᠡᠶᠢᠲᠡᠯᠡᠵᠦ ᠨᠢᠭᠡ ᠰᠠᠨᠠᠭᠤᠯᠤᠮᠵᠢ︾ ᠶᠢ ᠨᠡᠶᠢᠲᠡᠯᠡᠵᠦ᠂ ᠠᠶᠠᠨᠴᠢᠳ ᠤᠨ ᠠᠮᠠᠷᠠᠯᠲᠠ ᠶᠢᠨ ᠬᠤᠭᠤᠴᠠᠭᠠᠨ ᠤ ᠬᠢᠯᠢ ᠪᠠᠷ ᠣᠷᠣᠵᠤ ᠭᠠᠷᠬᠤ ᠣᠷᠭᠢᠯ ᠢ ᠠᠩᠬᠠᠷᠴᠤ᠂ ᠶᠠᠪᠤᠵᠤ ᠰᠠᠭᠤᠬᠤ ᠴᠠᠭ ᠢ ᠵᠦᠶ ᠵᠣᠬᠢᠰᠲᠠᠶ ᠳᠣᠭᠢᠷᠠᠭᠤᠯᠤᠨ᠂ ᠠᠶᠠᠯᠠᠯ ᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ ᠭᠡᠵᠦ ᠰᠠᠨᠠᠭᠤᠯᠪᠠ᠃      ᠪᠠᠶᠠᠷ ᠤᠨ ᠡᠳᠦᠷ ᠤᠨ ᠬᠤᠭᠤᠴᠠᠭᠠᠨ ᠳᠤ᠂ ᠡᠷᠢᠶᠡᠨ ᠤ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠨᠢ ᠪᠠᠶᠢᠴᠠᠭᠠᠨ ᠰᠢᠯᠭᠠᠬᠤ ᠵᠠᠮ ᠢ ᠭᠦᠢᠴᠡᠳ ᠨᠡᠭᠡᠭᠡᠵᠦ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠵᠢᠵᠢᠭᠦᠷᠯᠡᠬᠦ ᠲᠤᠬᠠᠶ ᠶᠢᠨ ᠲᠠᠯᠠᠪᠤᠷ ᠤᠨ ᠤᠷᠤᠰᠬᠠᠯ ᠤᠨ ᠬᠤᠪᠢᠷᠠᠯᠲᠠ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠠᠶᠠᠨᠴᠢᠳ ᠢ ᠬᠥᠲᠥᠯᠦᠨ ᠵᠢᠯᠣᠭᠤᠳᠬᠤ ᠪᠠ ᠠᠰᠠᠭᠤᠨ ᠯᠠᠪᠯᠠᠬᠤ ᠦᠢᠯᠡᠴᠢᠯᠡᠭᠡ ᠶᠢ ᠢᠳᠡᠪᠬᠢᠲᠡᠶ ᠰᠠᠶᠢᠲᠤᠷ ᠬᠢᠵᠦ᠂ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠢᠷᠮᠦᠰᠦᠨ ᠬᠥᠮᠦᠰ ᠵᠡᠷᠭᠡ ᠣᠨᠴᠠᠭᠠᠶ ᠬᠥᠮᠦᠰ ᠲᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠨ ᠥᠭᠴᠦ᠂ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠪᠡ᠃ ︽ᠬᠥᠮᠦᠨ ᠬᠦᠯᠢᠶᠡᠬᠦ ᠲᠡᠷᠭᠡ᠂ ᠬᠦᠷᠦᠮᠡᠭᠴᠡ ᠪᠠᠶᠢᠴᠠᠭᠠᠬᠤ︾ ᠶᠢ ᠪᠠᠷᠢᠮᠲᠠᠯᠠᠵᠤ᠂ ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠶᠢ ᠲᠡᠷᠡ ᠳᠠᠷᠤᠶ ᠳᠤᠨᠢ ᠪᠠᠶᠢᠴᠠᠭᠠᠬᠤ ᠂ ᠳᠠᠷᠦ᠋ᠢᠬᠠᠨ ᠪᠠᠶᠢᠴᠠᠭᠠᠵᠤ ᠳᠠᠷᠦ᠋ᠢᠬᠠᠨ ᠲᠠᠯᠪᠢᠬᠤ ᠶᠢ ᠦᠨᠡᠨᠬᠦ ᠪᠠᠲᠤᠯᠠᠵᠤ᠂ ᠠᠶᠠᠨᠴᠢᠳ᠂ ᠲᠡᠷᠭᠡᠨ ᠤ ᠴᠤᠪᠤᠷᠠᠯ ᠤᠨ ᠥᠨᠳᠥᠷ ᠪᠦᠲᠦᠮᠵᠢᠲᠡᠶ ᠰᠠᠭᠠᠳ ᠥᠬᠡᠶ ᠪᠣᠭᠤᠮᠲᠠ ᠪᠠᠷ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号