ᠮᠠᠨ ᠤ ᠬᠤᠲᠠ ᠶᠢᠨ ᠮᠠᠯᠵᠢᠬᠤ ᠣᠷᠣᠨ ᠤ ᠪᠣᠬᠢᠷᠲᠤᠯ ᠥᠬᠡᠶ ᠢᠳᠡᠭᠡᠨ ᠤ ᠳᠡᠯᠭᠡᠨ ᠪᠣᠷᠣᠯᠠᠭᠤᠯᠬᠤ ᠪᠠᠶᠠᠷ ᠵᠢᠴᠢ ᠬᠦᠭᠵᠢᠯᠳᠣᠶᠠᠭ᠎ᠠ ᠭᠠᠴᠠᠭᠠᠨ ᠤ ᠨᠠᠮᠤᠷ ᠤᠨ ᠤᠯᠠᠷᠢᠯ ᠤᠨ ᠨᠠᠭᠠᠳᠤᠮ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/9/19
    ᠦᠵᠡᠰᠭᠦᠯᠡᠩᠲᠦ ᠰᠠᠶᠢᠬᠠᠨ ᠲᠠᠯ᠎ᠠ ᠨᠤᠲᠤᠭ ᠤᠨ ᠦᠵᠡᠮᠵᠢ ᠵᠢᠷᠤᠭ ᠮᠡᠲᠦ ᠭᠤᠶᠢᠳᠦ ᠰᠠᠶᠢᠬᠠᠨ ᠬᠠᠷᠠᠭᠳᠠᠨ᠎ᠠ᠃ 9 ᠰᠠᠷ᠎ᠠ ᠶᠢᠨ 16 ᠤ ᠡᠳᠦᠷ᠂ ᠮᠠᠨ ᠤ ᠬᠤᠲᠠ ᠶᠢᠨ ᠮᠠᠯᠵᠢᠬᠤ ᠣᠷᠣᠨ ᠤ ᠪᠣᠬᠢᠷᠲᠤᠯ ᠥᠬᠡᠶ ᠢᠳᠡᠭᠡᠨ ᠤ ᠳᠡᠯᠭᠡᠨ ᠪᠣᠷᠣᠯᠠᠭᠤᠯᠬᠤ ᠪᠠᠶᠠᠷ ᠵᠢᠴᠢ ᠬᠦᠭᠵᠢᠯᠳᠣᠶᠠᠭ᠎ᠠ ᠭᠠᠴᠠᠭᠠᠨ ᠤ ᠨᠠᠮᠤᠷ ᠤᠨ ᠤᠯᠠᠷᠢᠯ ᠤᠨ ᠨᠠᠭᠠᠳᠤᠮ ᠤᠨ ᠡᠯ᠎ᠡ ᠵᠦᠢᠯ ᠤᠨ ᠤᠷᠤᠯᠳᠤᠭᠠᠨ ᠤᠷᠤᠭᠰᠢᠲᠠᠶ ᠶᠠᠪᠣᠭᠳᠠᠵᠦ᠂ ᠲᠡᠭᠦᠰ ᠠᠮᠵᠢᠯᠲᠠ ᠲᠠᠢ ᠥᠨᠳᠥᠷᠯᠡᠪᠡ᠃
      ᠪᠦᠬᠡ ᠶᠢᠨ ᠤᠷᠤᠯᠳᠤᠭᠠᠨ ᠤ ᠠᠬᠤᠢ ᠳᠠᠯᠠᠪᠠᠢ ᠳᠤ᠂ ᠮᠠᠨ ᠤ ᠬᠤᠳᠠ᠂ ᠰᠦᠨᠢᠳ ᠵᠡᠬᠦᠨ ᠬᠤᠰᠢᠭᠤ᠂ ᠰᠦᠨᠢᠳ ᠪᠠᠷᠠᠭᠤᠨ ᠬᠤᠰᠢᠭᠤ ᠵᠡᠷᠬᠡ ᠭᠠᠵᠠᠷ ᠠᠴᠠ ᠢᠷᠡᠭᠰᠡᠨ 60 ᠭᠠᠷᠤᠢ ᠪᠦᠬᠡᠴᠢᠳ ᠤᠯᠠᠮᠵᠢᠯᠠᠯᠳᠤ ᠪᠦᠭᠡ ᠶᠢᠨ ᠬᠤᠪᠴᠠᠰᠤ ᠡᠮᠤᠰᠴᠤ᠂ ᠢᠳᠡᠷᠡᠬᠦᠨ ᠵᠢᠪᠬᠤᠭ᠎ᠠ ᠲᠠᠢ᠂ ᠤᠶᠤᠨ ᠤᠬᠠᠭᠠᠨ ᠪᠠ ᠬᠦᠴᠤᠨ ᠴᠢᠳᠠᠯ ᠤᠨ ᠦᠵᠡᠯᠳᠠ ᠶᠢ ᠦᠷᠨᠢᠬᠦᠯᠵᠠᠢ᠃ ᠤᠷᠤᠯᠳᠤᠭᠠᠨ ᠦᠵᠡᠬᠦ ᠪᠠᠷ ᠢᠷᠡᠭᠰᠡᠨ ᠦᠵᠡᠭᠴᠢᠳ ᠲᠠᠰᠤᠷᠠᠯᠲᠠ ᠦᠭᠡᠢ ᠲᠠᠮᠢᠷᠴᠢᠳ ᠲᠤ ᠪᠠᠶᠠᠷ ᠬᠦᠷᠭᠡᠨ᠎ᠡ᠃ ᠲᠠᠮᠢᠷᠴᠢᠳ ᠤᠨ ᠰᠢᠯᠭᠠᠷᠠᠭᠰᠠᠨ ᠮᠡᠷᠭᠡᠵᠢᠯ ᠪᠣᠯᠤᠨ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠨᠢ ᠲᠤᠬᠠᠶ ᠶᠢᠨ ᠲᠠᠯᠠᠪᠠᠢ ᠶᠢᠨ ᠦᠵᠡᠭᠴᠢᠳ ᠲᠤ ᠪᠥᠬᠡ ᠶᠢᠨ ᠤᠷᠤᠯᠳᠤᠭᠠᠨ ᠤ ᠥᠪᠡᠷᠮᠢᠴᠡ ᠷᠢᠳᠢ ᠰᠢᠳᠢ ᠶᠢ ᠦᠨᠡᠨ ᠬᠦ ᠮᠡᠳᠡᠷᠡᠭᠦᠯᠪᠡ᠃
      ᠣᠶᠢᠯᠠᠭᠠᠭᠰᠠᠨ ᠢᠶᠠᠷ᠂ ᠠᠵᠢᠯᠯᠠᠭ᠎ᠠ ᠶᠢᠨ ᠬᠤᠭᠤᠴᠠᠭᠠᠨ ᠳᠤ ᠲᠤᠬᠠᠶ ᠶᠢᠨ ᠲᠠᠯᠠᠪᠠᠶ ᠳᠤ ᠦᠵᠡᠰᠬᠦᠯᠡᠩ ᠡᠷᠬᠢᠯᠡᠵᠦ᠂ ᠦᠬᠡᠷ ᠬᠤᠨᠢᠨ ᠮᠢᠬ᠎ᠠ᠂ ᠴᠠᠭᠠᠨ ᠢᠳᠡᠭᠡ᠂ ᠪᠤᠤᠰᠠ ᠰᠦ ᠲᠠᠢ ᠴᠠᠶ ᠵᠡᠷᠭᠡ ᠮᠠᠯᠵᠢᠬᠤ ᠣᠷᠣᠨ ᠤ ᠪᠣᠬᠢᠷᠲᠤᠯ ᠥᠬᠡᠶ ᠢᠳᠡᠭᠡᠨ ᠤ ᠠᠷᠠᠯᠵᠢᠶ᠎ᠠ 20 ᠭᠠᠷᠤᠶ ᠲᠦᠮᠡᠨ ᠲᠥᠭᠦᠷᠢᠭ ᠬᠦᠷᠴᠦ᠂ ᠡᠭᠦᠨ ᠳᠤ 36 ᠠᠮᠢᠳᠤ ᠦᠬᠡᠷ᠂ 20 ᠠᠮᠢᠳᠤ ᠬᠤᠨᠢ ᠵᠡᠷᠭᠡ ᠮᠠᠯ ᠢᠶᠠᠨ ᠬᠤᠳᠠᠯᠳᠤᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠭᠡᠷᠡᠯᠳᠦᠠᠣᠳᠦ ᠰᠣᠮᠣᠨ ᠤ ᠬᠥᠭᠵᠢᠯᠲᠤᠶᠠᠭ᠎ᠠ ᠭᠠᠴᠠᠭ᠎ᠠ ᠦᠷᠭᠦᠯᠵᠢᠯᠡᠨ ᠡᠬᠢ ᠪᠠᠶᠠᠯᠢᠭ ᠤᠨ ᠳᠠᠪᠠᠭᠤᠯᠢᠭ᠂ ᠲᠡᠦᠬᠡ ᠰᠣᠶᠣᠯ ᠤᠨ ᠠᠭᠤᠯᠬᠤᠨ ᠪᠣᠯᠤᠨ ᠪᠡᠶ᠎ᠡ ᠶᠢᠨ ᠲᠠᠮᠢᠷ ᠤᠨ ᠣᠨᠴᠠᠯᠢᠭ ᠲᠠᠢ ᠤᠶᠠᠯᠳᠤᠭᠤᠯᠵᠤ᠂ ᠣᠷᠣᠨ ᠨᠤᠲᠤᠭ ᠤᠨ ᠵᠤᠭᠠᠴᠠᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号