ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠠᠷᠪᠠᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2024/9/2
     8 ᠰᠠᠷ᠎ᠠ ᠶᠢᠨ 23 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃        ᠬᠤᠷᠠᠯ ᠳᠡᠭᠡᠷ᠎ᠡ᠂ ᠬᠤᠲᠠ ᠶᠢᠨ ᠤᠳᠤᠷᠢᠳᠤᠯᠭ᠎ᠠ ᠮᠠ ᠬᠠᠶ ᠲᠤᠤ᠂ ᠶᠠᠨ ᠬᠤᠩ᠂ ᠭᠧᠩ ᡁᠢ ᠵᠢᠶᠦ᠋ᠨ᠂ ᠵᠠᠩ ᠺᠠᠶ ᠳ᠋ᠦᠩ᠂ ᠵᠠᠩ ᠯᠢ ᠴᠧᠩ ᠲᠠᠰ ᠳᠠᠷᠠᠭᠠᠯᠠᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠤᠨ ᠰᠣᠯᠢᠯᠴᠠᠭᠠᠨ ᠤ ᠮᠠᠲ᠋ᠧᠷᠢᠶᠠᠯ ᠢᠶᠠᠨ ᠲᠤᠰᠢᠶᠠᠵᠠᠶ᠃       ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠭᠡᠷᠡᠴᠢᠯᠡᠯᠲᠡ ᠶᠢᠨ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠪᠣᠯᠤᠨ ᠢᠲᠡᠭᠡᠯ ᠵᠣᠷᠢᠭ ᠢᠶᠠᠨ ᠦᠨᠡᠨ ᠬᠦ ᠴᠢᠩᠭᠠᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠠᠷᠭ᠎ᠠ ᠬᠡᠯᠪᠡᠷᠢ ᠶᠢ ᠡᠷᠬᠢᠮᠯᠡᠵᠦ᠂ ᠠᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠣᠨᠳᠣᠣᠰᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠣᠶᠢᠯᠠᠭᠠᠭᠳᠠᠬᠤᠨ ᠪᠣᠯᠤᠨ ᠠᠷᠭ᠎ᠠ ᠬᠡᠯᠪᠡᠷᠢ ᠪᠠᠷ ᠥᠭᠡᠷᠡᠴᠢᠯᠡᠯᠲᠡ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠳᠤ ᠴᠢᠳᠠᠮᠠᠭᠠᠢ ᠪᠠᠶᠢᠵᠤ᠂ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠰᠤᠷᠲᠠᠯ ᠢᠶᠠᠨ ᠬᠤᠪᠢᠷᠠᠭᠤᠯᠵᠤ᠂ ᠪᠦᠬᠦ ᠪᠥᠮᠪᠥᠷᠴᠡᠭ ᠤᠨ ᠬᠠᠷᠠᠭᠠᠰᠤ ᠪᠣᠯᠤᠨ ᠪᠠᠶᠢᠯᠳᠤᠬᠤ ᠪᠤᠳᠤᠯᠭ᠎ᠠ ᠶᠢᠨ ᠬᠠᠷᠠᠴᠠ ᠪᠠᠷ ᠡᠷᠢᠶᠡᠨ ᠬᠤᠳᠠ ᠶᠢᠨ ᠢᠷᠡᠭᠡᠳᠦᠢ ᠶᠢᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠮᠠᠭᠠᠳᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠡᠷᠢᠭᠦᠨ ᠤ ᠬᠢ ᠶᠢ ᠲᠡᠮᠡᠴᠡᠨ ᠣᠯᠵᠤ᠂ ᠲᠡᠷᠢᠭᠦᠨ ᠤ ᠬᠢ ᠶᠢ ᠡᠭᠦᠳᠴᠦ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠠᠵᠢᠯᠯᠠᠬᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠡᠷᠡᠰ ᠵᠣᠷᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠡᠬᠡᠬᠡᠯᠳᠡ ᠶᠢ ᠥᠷᠭᠡᠳᠬᠡᠬᠦ ᠦᠢᠯᠡᠳᠦᠯᠭᠡ ᠳᠤ ᠣᠷᠣᠯᠴᠠᠬᠤ ᠬᠡᠷᠡᠭᠲᠡᠢ᠃ ᠠᠵᠢᠯ ᠬᠢᠵᠦ ᠦᠢᠯᠡᠰ ᠪᠤᠰᠬᠠᠬᠤ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠵᠤ᠂ ᠠᠵᠢᠯ ᠶᠠᠪᠤᠳᠠᠯ ᠬᠢᠵᠦ ᠴᠢᠳᠠᠬᠤ᠂ ᠠᠵᠢᠯ ᠶᠠᠪᠤᠳᠠᠯ ᠪᠦᠲᠦᠭᠡᠵᠦ ᠴᠢᠳᠠᠬᠤ᠂ ᠠᠵᠢᠯ ᠶᠠᠪᠤᠳᠠᠯ ᠭᠠᠷᠭᠠᠬᠤ ᠦᠭᠡᠢ ᠪᠠᠷ ᠤᠳᠤᠷᠢᠳᠤᠮᠵᠢ ᠪᠣᠯᠭᠠᠨ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠢ ᠰᠠᠶᠢᠲᠤᠷ ᠬᠢᠵᠦ᠂ ︽ᠭᠤᠷᠪᠠ ᠶᠢ ᠢᠯᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠺᠠᠳ᠋ᠷ ᠤᠨ ᠥᠭᠡᠷᠡᠴᠢᠯᠡᠯᠲᠡ ᠶᠢ ᠠᠬᠢᠭᠤᠯᠬᠤ᠂ ᠠᠵᠢᠯ ᠶᠠᠪᠤᠳᠠᠯ ᠬᠢᠵᠦ ᠬᠠᠷᠢᠭᠤᠴᠠᠯᠭ᠎ᠠ ᠡᠭᠦᠷᠭᠡᠯᠡᠬᠦ ᠵᠡᠷᠭᠡ ᠲᠠᠯ᠎ᠠ ᠪᠠᠷ ᠢᠯᠡᠷᠡᠭᠰᠡᠨ ᠠᠰᠠᠭᠤᠳᠠᠯ᠂ ᠠᠯᠳᠠᠰᠢ ᠳᠤ ᠰᠢᠨᠵᠢᠯᠡᠬᠦ ᠤᠬᠠᠭᠠᠨᠴᠢ ᠪᠠᠷ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠵᠦ᠂ ᠠᠭᠤᠴᠢᠯᠠᠵᠤ ᠪᠣᠯᠬᠤ ᠶᠢ ᠨᠢ ᠪᠦᠬᠦᠨ ᠢ ᠪᠠᠭᠲᠠᠭᠠᠵᠤ᠂ ᠬᠡᠯᠲᠦᠷᠢᠭᠦᠯᠵᠦ ᠪᠣᠯᠬᠤ ᠶᠢ ᠪᠡᠶᠡᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠨᠢᠭᠡᠳᠦᠯᠲᠡᠢ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠤᠢ ᠪᠣᠯᠭᠠᠬᠤ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠬᠤᠷᠢᠭ᠎ᠠ ᠱᠤᠭᠤᠮ ᠢ ᠴᠢᠩᠭ᠎ᠠ ᠰᠠᠬᠢᠬᠤ ᠤᠷᠢᠲᠠᠯ ᠳᠣᠣᠷ᠎ᠠ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯᠲᠠᠨ ᠲᠠᠢ ᠨᠠᠶᠢᠵᠠᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠳᠣᠲᠣᠨᠣ ᠪᠥᠭᠡᠳ ᠬᠡᠮᠵᠢᠶ᠎ᠠ ᠲᠠᠢ᠂ ᠠᠷᠢᠭᠤᠨ ᠴᠢᠬᠡᠴᠢ ᠪᠥᠭᠡᠳ ᠵᠢᠳᠬᠦᠯ ᠴᠢᠷᠮᠠᠶᠢᠯᠭ᠎ᠠ ᠲᠠᠢ ᠪᠣᠯᠭᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号