ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠰᠢᠯᠢᠳᠡᠭᠵᠢᠭᠦᠯᠦᠨ ᠳᠣᠭᠢᠷᠠᠭᠤᠯᠬᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2024/9/2
     8 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠪᠸᠢ ᠶᠢᠨ ᠱᠢ ᠶᠠᠨ ᠳ᠋ᠠᠨ ᠮᠦᠷᠡᠨ ᠤ ᠠᠮᠠᠰᠠᠷ ᠤᠨ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠣᠯᠤᠨ ᠬᠤᠯᠪᠣᠭᠳᠠᠯ ᠪᠦᠬᠦᠢ ᠲᠥᠪ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠠᠭᠤᠰᠤᠯᠴᠠᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠲᠦᠷᠭᠡᠨ᠂ ᠬᠡᠪ ᠤᠨ ᠬᠠᠮᠠᠭᠠᠯᠠᠯᠲᠠ ᠶᠢ ᠪᠣᠳᠠᠲᠠᠢ ᠬᠢᠵᠦ᠂ ᠤᠬᠠᠭᠤᠯᠵᠤ ᠬᠦᠳᠦᠯᠦᠨ ᠵᠢᠯᠣᠭᠤᠳᠬᠤ ᠶᠢ ᠥᠷᠭᠡᠨ ᠢᠶᠠᠷ ᠬᠢᠵᠦ᠂ ᠥᠨᠳᠥᠷ ᠲᠦᠪᠰᠢᠨ ᠪᠦᠬᠦᠢ ᠠᠮᠢ ᠠᠬᠤᠢ ᠶᠢᠨ ᠬᠠᠮᠠᠭᠠᠯᠠᠯᠲᠠ ᠪᠠᠷ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠬᠤᠯᠪᠣᠭᠳᠠᠯ ᠪᠥᠬᠦᠶ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠯᠤᠭ᠎ᠠ ᠵᠣᠬᠢᠴᠠᠭᠤᠯᠤᠨ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠠᠳᠬᠤᠨ ᠲᠦᠷᠭᠡᠨ ᠭᠦᠶᠦᠵᠦ᠂ ᠪᠠᠶᠢᠩᠭᠤ ᠠᠳᠬᠤᠨ ᠰᠢᠷᠭᠠᠭᠤ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠤᠯᠤᠰ ᠤᠨ ᠭᠠᠳᠠᠭᠠᠳᠤ ᠨᠡᠭᠡᠭᠡᠯᠲᠡ ᠶᠢᠨ ᠶᠡᠭᠡ ᠲᠠᠯ᠎ᠠ ᠳᠤ ᠦᠢᠯᠡᠴᠢᠯᠡᠨ ᠠᠭᠤᠰᠤᠯᠴᠠᠭᠤᠯᠵᠤ᠂ ᠪᠣᠭᠤᠮᠲᠠ ᠶᠢᠨ ᠠᠵᠤ ᠠᠬᠤᠶ ᠶᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠬᠦᠯᠢᠶᠡᠰᠦ ᠶᠢ ᠰᠤᠯᠠᠷᠠᠭᠤᠯᠬᠤ᠂ ᠡᠨᠧᠷᠭᠢ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ᠃      ᠬᠤᠷᠠᠯ ᠠᠴᠠ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠳᠤ ᠡᠷᠬᠡᠪᠰᠢ ᠴᠢᠩᠭ᠎ᠠ ᠵᠢᠷᠤᠮᠵᠢᠭᠤᠨ᠂ ᠲᠥᠪ ᠭᠤᠣᠯᠴᠢ ᠪᠣᠯᠪᠠᠰᠤᠨ ᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠤᠯᠠᠮ ᠨᠢᠭᠡ ᠠᠯᠬᠤᠮ ᠲᠥᠪ ᠪᠣᠯᠭᠠᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠡᠶ᠎ᠡ ᠮᠠᠬᠠᠪᠣᠳ ᠤᠨ ᠪᠣᠯᠪᠠᠰᠤᠷᠠᠯ ᠢ ᠴᠢᠩᠭᠠᠳᠬᠠᠵᠤ᠂ ᠠᠷᠠᠳ ᠤᠨ ᠴᠠᠭᠳᠠᠭ᠎ᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠡᠷᠬᠡ ᠰᠦᠷᠲᠦ ᠴᠢᠨᠠᠷ ᠢ ᠬᠠᠮᠠᠭᠠᠯᠠᠵᠤ᠂ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠬᠠᠤᠯᠢᠵᠢᠯ ᠤᠨ ᠲᠦᠪᠰᠢᠨ ᠪᠣᠯᠤᠨ ᠬᠠᠤᠯᠢ ᠬᠡᠷᠡᠭᠵᠢᠭᠦᠯᠬᠦ ᠤᠯᠠᠨ ᠢ ᠢᠲᠡᠭᠡᠭᠦᠯᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ︽ᠡᠷᠢᠶᠡᠨ ᠬᠤᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠰᠢᠯᠢᠳᠡᠭᠵᠢᠭᠦᠯᠦᠨ ᠲᠣᠬᠢᠷᠠᠭᠤᠯᠬᠤ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号