ᠲᠤᠷᠰᠢᠯᠭ᠎ᠠ ᠰᠤᠷᠭᠠᠬᠤ᠂ ᠠᠷᠭ᠎ᠠ ᠶᠢ ᠡᠷᠬᠢᠮᠯᠡᠬᠦ᠂ ᠴᠢᠳᠠᠪᠤᠷᠢ ᠪᠠᠨ ᠳᠡᠭᠡᠭᠰᠢᠯᠡᠭᠦᠯᠦᠨ᠎ᠡ︕ ᠡᠨᠡ ᠤᠳᠠᠭᠠᠨ ᠤ ᠵᠥᠷᠢᠴᠡᠯ ᠵᠢᠭᠤᠷᠠᠯᠳᠤᠭᠠᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠦᠨᠡᠨ ᠪᠣᠳᠠᠲᠠᠢ
ᠨᠡᠶᠢᠲᠡᠯᠡᠭᠰᠡᠨ ᠴᠠᠭ᠄
2024/9/20
     
     ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠩᠬᠠᠷᠴᠤ᠂ 9 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠪᠣᠳᠠᠲᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠠᠬᠤᠢ ᠪᠠᠶᠢᠳᠠᠯ ᠢ ᠶᠠᠷᠢᠯᠴᠠᠬᠤ ᠠᠷᠭ᠎ᠠ ᠮᠠᠶ᠋ᠢᠭ ᠢᠶᠠᠷ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠶ ᠵᠠᠳᠠᠯᠵᠤ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠤ ᠪᠣᠳᠠᠲᠤ ᠪᠠᠶᠢᠯᠳᠤᠭᠠᠨ ᠤ ᠡᠶᠡᠳᠡᠭᠦᠯᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃      ᠲᠣᠰ ᠤᠳᠠᠭᠠᠨ ᠤ ᠪᠣᠯᠪᠠᠰᠤᠷᠠᠭᠤᠯᠤᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠤᠨ ᠡᠶᠡᠳᠡᠭᠦᠯᠭᠡ᠂ ᠪᠥᠬᠦ ᠤᠯᠤᠰ ᠤᠨ ᠰᠤᠷᠭᠠᠨ ᠬᠥᠮᠦᠵᠢᠯ ᠢ ᠬᠤᠪᠢᠷᠠᠭᠤᠯᠬᠤ ᠲᠤᠰᠬᠠᠶ ᠮᠡᠷᠭᠡᠵᠢᠯᠲᠡᠨ᠂ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠯᠭᠡ ᠥᠭᠭᠦᠭᠴᠢ ᠲᠤᠰᠬᠠᠶ ᠰᠡᠳᠦᠪ ᠢᠶᠠᠷ ᠬᠢᠴᠢᠶᠡᠯᠯᠡᠬᠦ ᠶᠢ ᠣᠨᠴᠠ ᠤᠷᠢᠭᠰᠠᠨ ᠪᠠᠶᠢᠨ᠎ᠠ᠃ ᠯᠧᠺᠲ᠋ᠣᠷ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠠ ᠭᠦᠨ ᠭᠦᠨᠵᠡᠭᠡᠶ ᠲᠠᠨᠢᠯᠲᠠ ᠪᠠᠷ ᠮᠠᠨ ᠤ ᠬᠤᠲᠠ ᠶᠢᠨ ᠦᠨᠳᠦᠰᠦᠨ ᠱᠠᠲᠤᠨ ᠤ ᠵᠢᠭᠤᠷᠠᠯᠳᠤᠭᠠᠨ ᠤ ᠦᠨᠡᠨ ᠪᠣᠳᠠᠲᠠᠶ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠣᠭᠤᠷᠢᠨ ᠳᠤ᠂ ᠵᠢᠷᠤᠭ ᠲᠥᠯᠥᠪᠯᠡᠭᠡ ᠶᠢᠨ ᠠᠬᠤᠶ ᠪᠠᠶᠢᠳᠠᠯ ᠤᠨ ᠲᠣᠭᠤᠷᠢᠨ ᠳᠤ ᠨᠠᠰᠤᠨ ᠳᠤ ᠥᠯᠥ ᠭᠦᠷᠦᠭᠰᠡᠳ ᠤᠨ ᠰᠤᠷᠭᠠᠨ ᠬᠥᠮᠦᠵᠢᠯ᠂ ᠬᠡᠷ ᠪᠦᠯᠢ ᠬᠥᠷᠰᠢ ᠵᠡᠷᠭᠡᠯᠡᠳᠡᠭᠡ᠂ ᠨᠤᠲᠤᠭ ᠪᠡᠯᠴᠢᠭᠡᠷ ᠤᠨ ᠵᠢᠭᠤᠷᠠᠯᠳᠤᠭᠠᠨ ᠵᠡᠷᠭᠡ ᠵᠠᠬᠢᠳᠠᠯ ᠰᠤᠷᠪᠤᠯᠵᠢᠯᠠᠭ᠎ᠠ ᠪᠠ ᠵᠥᠷᠢᠴᠡᠯ ᠵᠢᠭᠤᠷᠠᠯᠳᠤᠭᠠᠨ ᠤ ᠬᠡᠷᠡᠭ ᠢ ᠳᠠᠬᠢᠨ ᠢᠯᠡᠷᠡᠭᠦᠯᠪᠡ᠃ ᠬᠢᠴᠢᠶᠡᠯ ᠤᠨ ᠲᠠᠩᠬᠢᠮ ᠳᠤ ᠰᠤᠷᠪᠤᠯᠵᠢᠯᠠᠨ ᠶᠠᠷᠢᠯᠴᠠᠬᠤ ᠮᠠᠶ᠋ᠢᠭ ᠤᠨ ᠵᠢᠭᠠᠨ ᠰᠤᠷᠭᠠᠯᠲᠠ ᠶᠢᠨ ᠠᠷᠭ᠎ᠠ ᠶᠢ ᠬᠡᠷᠡᠭᠯᠡᠵᠦ᠂ ᠡᠯ᠎ᠡ ᠵᠦᠢᠯ ᠤᠨ ᠵᠢᠭᠤᠷᠠᠯᠳᠤᠭᠠᠨ ᠢ ᠰᠢᠢᠳᠪᠦᠷᠢᠯᠡᠬᠦ ᠠᠷᠭ᠎ᠠ ᠬᠡᠯᠪᠡᠷᠢ ᠪᠠ ᠵᠠᠩᠭᠢᠯᠠᠭ᠎ᠠ ᠶᠢᠨ ᠴᠡᠭ ᠢ ᠨᠠᠷᠢᠨ ᠨᠢᠮᠪᠠᠶ ᠵᠠᠳᠠᠯᠵᠤ᠂ ᠣᠯᠠᠨ ᠢ ᠬᠠᠪᠰᠤᠷᠤᠨ ᠲᠤᠬᠠᠶ ᠶᠢᠨ ᠬᠥᠮᠦᠨ ᠤ ᠳᠣᠲᠣᠭᠠᠳᠤ ᠶᠢᠷᠲᠢᠨᠴᠦ ᠶᠢ ᠨᠠᠩ ᠰᠠᠶᠢᠲᠤᠷ ᠣᠶᠢᠯᠠᠭᠠᠭᠤᠯᠵᠤ᠂ ᠳᠦᠷᠢ ᠶᠢᠨ ᠳᠤᠮᠳᠠ ᠢᠳᠡᠪᠬᠢᠲᠡᠶ ᠪᠠᠷ ᠰᠡᠳᠬᠢᠨ ᠪᠣᠳᠣᠯᠬᠢᠯᠠᠵᠤ᠂ ᠳᠠᠭᠤᠷᠢᠶᠠᠬᠤ ᠳᠤᠮᠳᠠ ︽ᠠᠬᠤᠶ ᠪᠠᠶᠢᠳᠠᠯ︾ ᠢ ᠭᠦᠨᠵᠡᠭᠡᠶᠢᠷᠡᠭᠦᠯᠦᠨ᠂ ᠳᠦᠷᠢ ᠪᠠᠨ ᠬᠠᠷᠢᠯᠴᠠᠨ ᠰᠣᠯᠢᠬᠤ ᠪᠠᠷ ᠳᠠᠮᠵᠢᠭᠤᠯᠤᠨ᠂ ᠠᠳᠠᠯᠢ ᠪᠤᠰᠤ ᠵᠣᠭᠰᠣᠯᠲᠠ ᠶᠢᠨ ᠲᠥᠷᠥᠭᠳᠡᠯ ᠢ ᠪᠡᠶᠡᠴᠢᠯᠡᠨ ᠣᠶᠢᠯᠠᠭᠠᠭᠤᠯᠵᠤ᠂ ᠵᠥᠷᠢᠴᠡᠯ ᠢ ᠠᠷᠢᠯᠭᠠᠬᠤ ᠭᠤᠤᠯ ᠠᠷᠭ᠎ᠠ ᠪᠠ ᠰᠡᠳᠬᠢᠮᠵᠢ ᠤᠷ᠎ᠠ ᠮᠡᠷᠭᠡᠰᠢᠯ ᠢ ᠨᠢ ᠨᠠᠷᠢᠨ ᠣᠶᠢᠯᠠᠭᠠᠭᠤᠯᠵᠤ᠂ ᠣᠯᠠᠨ ᠢᠶᠠᠷ ᠢᠶᠠᠨ ᠦᠨᠡᠨ ᠪᠣᠳᠠᠲᠠᠶ ᠠᠮᠢᠳᠤᠯᠢᠭ ᠪᠠᠶᠢᠳᠠᠯ ᠤᠨ ᠳᠤᠮᠳᠠ ᠠᠰᠠᠭᠤᠳᠠᠯ ᠢ ᠬᠡᠷᠬᠢᠨ ᠰᠢᠢᠳᠪᠦᠷᠢᠯᠡᠬᠦ᠂ ᠵᠥᠷᠢᠴᠡᠯ ᠢ ᠠᠷᠢᠯᠭᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠥᠨᠳᠥᠷ ᠪᠦᠲᠦᠮᠵᠢᠲᠡᠶ ᠪᠠᠷ ᠰᠤᠷᠤᠯᠴᠠᠭᠤᠯᠵᠤ᠂ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠵᠢᠭᠤᠷᠠᠯᠳᠤᠭᠠᠨ ᠢ ᠬᠠᠤᠯᠢ ᠶᠣᠰᠣᠭᠠᠷ ᠡᠶᠡᠳᠡᠭᠦᠯᠦᠨ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠬᠦ ᠬᠡᠷᠡᠭᠲᠡᠶ᠃      ᠰᠠᠯᠠᠭ᠎ᠠ ᠮᠥᠴᠢᠷ ᠪᠠ ᠠᠵᠢᠯ ᠲᠥᠷᠥᠯ ᠤᠨ ᠡᠶᠡᠳᠡᠭᠦᠯᠦᠭᠴᠢ᠂ ᠨᠡᠶᠢᠭᠡᠮ ᠲᠣᠭᠤᠷᠢᠭ ᠰᠤᠮᠤᠨ ᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠪᠠ ᠰᠦᠯᠵᠢᠶᠡᠨ ᠤ ᠠᠵᠢᠯᠲᠠᠨ ᠪᠣᠯ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠨᠡᠶᠢᠭᠡᠮ ᠤᠨ ᠵᠠᠰᠠᠯᠲᠠ ᠶᠢ ᠳᠥᠯᠭᠢᠨ ᠠᠬᠢᠭᠤᠯᠬᠤ ᠴᠢᠬᠤᠯᠠ ᠬᠦᠴᠦᠨ ᠮᠥᠨ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠦᠨᠳᠦᠰᠦᠨ ᠱᠠᠲᠤᠨ ᠤ ᠠᠵᠢᠯᠲᠠᠨ ᠤ ᠣᠯᠠᠨ ᠲᠦᠮᠡᠨ ᠳᠤ ᠦᠢᠯᠡᠴᠢᠯᠡᠬᠦ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠴᠢᠩᠭᠠᠳᠬᠠᠭᠰᠠᠨ ᠢᠶᠠᠷ ᠪᠠᠷᠠᠬᠤ ᠥᠬᠡᠶ᠂ ᠪᠠᠰᠠ ᠲᠡᠳᠡᠨ ᠤ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠵᠥᠷᠢᠴᠡᠯ ᠢ ᠠᠷᠢᠯᠭᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号