︿︿  ᠭᠡᠷᠡᠯ ᠭᠡᠭᠡ ᠶᠢᠨ ᠠᠶᠠᠯᠠᠯ﹀﹀ ᠤᠨ ᠠᠵᠢᠯᠯᠠᠭ᠎ᠠ ᠳᠤ ᠤᠷᠤᠯᠴᠬᠠᠰᠡᠨ 114 ᠮᠣᠩᠭᠤᠯ ᠤᠯᠤᠰ ᠤᠨ ᠴᠠᠭᠠᠨ ᠬᠠᠷᠠᠩ ᠤᠨ ᠡᠪᠡᠳᠴᠢᠲᠡᠨ ᠠᠮᠵᠢᠯᠲᠠ ᠲᠠᠢ ᠪᠠᠷ  ᠮᠠᠰᠡ ᠵᠠᠰᠠᠯ ᠢᠶᠠᠨ ᠬᠢᠵᠦ ᠨᠤᠳᠤᠭ ᠪᠤᠴᠬᠠᠰᠡᠨ
ᠨᠡᠶᠢᠲᠡᠯᠡᠭᠰᠡᠨ ᠴᠠᠭ᠄
2024/9/20
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄           9 ᠰᠠᠷ᠎ᠠ ᠶᠢᠨ 13 ᠤ ᠡᠳᠦᠷ᠂ ᠮᠣᠩᠭᠤᠯ ᠤᠯᠤᠰ ᠤᠨ ᠴᠠᠭᠠᠨ ᠬᠠᠷᠠᠩ ᠤᠨ 114 ᠡᠪᠡᠳᠴᠢᠲᠡᠨ ᠮᠠᠨ ᠤ ᠬᠤᠲᠠ ᠳᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠯᠭᠡᠭᠰᠡᠨ ᠤ ᠳᠠᠷᠠᠭ᠎ᠠ ᠂   ᠡᠷᠢᠶᠡᠨ ᠲᠡᠮᠦᠷ ᠵᠠᠮ ᠤᠨ ᠪᠣᠭᠤᠮᠲᠠ ᠪᠠᠷ ᠭᠠᠯᠲᠤ ᠲᠡᠷᠭᠡᠨ ᠳᠤ ᠰᠠᠭᠤᠵᠤ ᠬᠢᠯᠢ ᠠᠴᠠ ᠭᠠᠷᠴᠤ᠂ ᠭᠡᠷ ᠲᠡᠭᠡᠨ ᠬᠠᠷᠢᠬᠤ ᠵᠠᠮ  ᠢᠶᠠᠨ ᠡᠯᠭᠦᠵᠠᠢ  ᠃ ᠲᠠᠶᠢᠯᠪᠦᠷᠢ᠄          ᠡᠪᠡᠳᠴᠢᠲᠡᠨ ᠤ ᠨᠠᠰᠤ ᠠᠬᠢᠭᠰᠠᠨ᠂  ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠪᠣᠳᠠᠲᠤ ᠪᠠᠶᠢᠳᠠᠯ ᠳᠤ ᠴᠢᠭᠯᠡᠭᠦᠯᠦᠨ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠢᠴᠢ ᠬᠢᠯᠢ ᠶᠢᠨ ᠪᠠᠶᠢᠴᠠᠭᠠᠯᠲᠠ᠂  ᠭᠠᠯᠳᠦ ᠲᠡᠷᠭᠡᠨ ᠥᠷᠲᠡᠭᠡ ᠵᠡᠷᠭᠡ ᠰᠠᠯᠠᠭ᠎ᠠ ᠮᠥᠴᠢᠷ ᠤᠨ ᠰᠠᠶᠢᠨ  ᠲᠤᠷᠠᠴᠢᠳ᠂ ᠲᠡᠳᠡᠨ ᠢ ᠬᠠᠪᠰᠤᠷᠤᠨ  ᠪᠤᠭᠤᠳᠠᠯ  ᠢ ᠨᠢ ᠠᠪᠴᠤ  ᠬᠠᠪᠰᠤᠷᠤᠯᠭ᠎ᠠ‌ᠦᠵᠡᠭᠦᠯᠵᠠᠢ᠃ ᠭᠠᠯᠳᠦ  ᠲᠡᠷᠭᠡᠨ ᠥᠷᠲᠡᠭᠡᠨ ᠳᠤ ︽ᠨᠢᠭᠡ  ᠦᠷᠳᠡᠴᠢᠯᠡᠭᠰᠡᠨ︾  ᠰᠢᠭᠤᠷᠬᠠᠢ ᠨᠡᠪᠲᠡᠷᠡᠬᠦ ᠵᠠᠮ  ᠨᠡᠭᠡᠭᠡᠵᠦ᠂ ᠪᠣᠭᠤᠮᠲᠠ ᠪᠠᠷ ᠥᠩᠭᠡᠷᠡᠬᠦ ᠴᠠᠭ ᠢ  ᠪᠣᠭᠤᠨᠢᠰᠬᠠᠵᠤ᠂ ᠮᠣᠩᠭᠤᠯ ᠤᠯᠤᠰ ᠤᠨ ᠡᠪᠡᠳᠴᠢᠲᠡᠨ ᠤ ᠠᠮᠤᠷ ᠲᠦᠪᠰᠢᠨ᠂ ᠥᠨᠳᠥᠷ ᠪᠦᠲᠦᠮᠵᠢᠲᠡᠶ ᠪᠠᠷ ᠭᠡᠷ ᠲᠡᠭᠡᠨ ᠬᠠᠷᠢᠬᠤ ᠭᠠᠯᠲᠤ ᠲᠡᠷᠭᠡᠨ ᠳᠤ ᠭᠠᠷᠬᠤ ᠳᠤ ᠬᠦᠴᠦᠨ  ᠨᠡᠮᠡᠷᠢᠯᠡᠵᠠᠢ᠃          ᠮᠣᠩᠭᠤᠯ ᠤᠯᠤᠰ ᠤᠨ ᠡᠪᠡᠳᠴᠢᠲᠡᠨ  ᠴᠠᠩᠴᠠᠯ᠄       ᠮᠡᠰᠡ ᠵᠠᠰᠠᠯ ᠮᠠᠰᠢ ᠠᠮᠵᠢᠯᠲᠠ ᠲᠠᠢ ᠪᠣᠯᠪᠠ᠂ ᠳᠤᠮᠳᠠᠳᠤ ᠤᠯᠤᠰ ᠤᠨ ᠨᠠᠶᠢᠵᠠ ᠨᠠᠷ ᠤᠨ ᠨᠠᠳᠠ ᠳᠤ ᠳᠠᠬᠢᠨᠲᠠ ᠬᠡᠷᠡᠯ ᠭᠡᠭᠡ ᠣᠯᠭᠤᠭᠰᠠᠨ ᠳᠤ ᠲᠠᠯᠠᠷᠬᠠᠵᠤ ᠪᠠᠶᠢᠨ᠎ᠠ᠃ ᠡᠷᠢᠶᠡᠨ ᠬᠤᠲᠠ ᠲᠤᠩ ᠭᠤᠶᠤ᠂ ᠠᠳᠡᠬᠢ ᠶᠢᠨ ᠬᠥᠮᠥᠰ ᠲᠤᠩ‌ᠬᠠᠯᠠᠭᠤᠮᠰᠤᠭ᠂ ᠳᠠᠬᠢᠭᠠᠳ  ᠢᠷᠡᠨ᠎ᠡ᠂ ᠳᠤᠮᠳᠠᠳᠤ ᠤᠯᠤᠰ ᠤᠨ ᠨᠠᠶᠢᠵᠠ ᠨᠠᠷ  ᠮᠣᠩᠭᠤᠯ ᠤᠯᠤᠰ ᠲᠤ  ᠠᠶᠢᠯᠴᠢᠯᠡᠨ ᠬᠦᠷᠬᠦ ᠶᠢ ᠪᠠᠶᠠᠷᠯᠠᠨ ᠤᠭᠲᠤᠵᠤ ᠪᠠᠶᠢᠨ᠎ᠠ᠃         ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠶᠠᠩ ᠶᠠ ᠴᠦᠨ  ᠄          2024 ᠣᠨ ᠤ ︽ᠨᠢᠭᠡ ᠪᠦᠰᠡ ᠨᠢᠭᠡ ᠵᠠᠮ᠂ ᠬᠡᠷᠡᠯ ᠭᠡᠭᠡ ᠶᠢᠨ ᠠᠶᠠᠯᠠᠯ︾ ᠤᠨ ᠮᠣᠩᠭᠤᠯ ᠤᠯᠤᠰ ᠤᠨ ᠠᠵᠢᠯᠯᠠᠭ᠎ᠠ ᠨᠢ ᠬᠢᠯᠢ ᠶᠢᠨ ᠪᠣᠭᠤᠮᠲᠠ᠂ ᠬᠢᠯᠢ ᠶᠢᠨ ᠪᠠᠶᠢᠴᠠᠭᠠᠯᠲᠠ᠂ ᠭᠠᠳᠠᠭᠠᠳᠤ ᠶᠠᠪᠤᠳᠠᠯ᠂ ᠲᠡᠷᠭᠡᠨ ᠥᠷᠲᠡᠭᠡ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠣᠯᠵᠤ᠂ ᠰᠠᠶᠢᠨ  ᠲᠤᠷᠠᠴᠢᠳ ᠬᠢᠯᠢ ᠪᠠᠷ ᠣᠷᠣᠵᠤ ᠭᠠᠷᠬᠤ᠂ ᠪᠠᠭᠤᠳᠠᠯ ᠳᠤ ᠣᠷᠣᠵᠤ ᠰᠠᠭᠤᠬᠤ᠂ ᠡᠮᠨᠡᠯᠭᠡ ᠶᠢᠨ ᠬᠤᠷᠢᠶᠠᠨ ᠳᠤ ᠮᠡᠰᠡ ᠵᠠᠰᠠᠯ ᠬᠢᠬᠦ ᠶᠠᠪᠤᠴᠠ ᠳᠤ ᠢᠳᠡᠪᠬᠢᠲᠡᠢ ᠦᠢᠯᠡᠳᠦᠯ ᠦᠵᠡᠭᠦᠯᠵᠦ᠂ ᠲᠣᠰ ᠤᠳᠠᠭᠠᠨ ᠤ  ᠠᠵᠢᠯᠯᠠᠭᠠᠨ ᠤ  ᠲᠡᠭᠦᠰ ᠠᠮᠵᠢᠯᠲᠠ ᠲᠠᠢ  ᠪᠤᠯᠬᠤ ᠳᠤ ᠦᠨᠡᠨᠬᠦ ᠲᠤᠰᠠᠯᠠᠪᠠ᠃       ᠳᠤᠮᠳᠠᠳᠤ ᠮᠣᠩᠭᠤᠯ ᠬᠤᠶᠠᠷ ᠤᠯᠤᠰ ᠠᠭᠤᠯᠠ ᠤᠰᠤ ᠪᠠᠷ ᠢᠶᠠᠨ ᠵᠠᠯᠭᠠᠯᠳᠤᠵᠤ᠂ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠬᠠᠨᠢᠲᠠᠨ ᠶᠤᠮ᠃ 2024 ᠣᠨ ᠤ ︽ᠨᠢᠭᠡ ᠪᠦᠰᠡ ᠨᠢᠭᠡ ᠵᠠᠮ᠂ ᠬᠡᠷᠡᠯ ᠭᠡᠭᠡ ᠶᠢᠨ ᠠᠶᠠᠯᠠᠯ︾ ᠤᠨ ᠮᠣᠩᠭᠤᠯ ᠤᠯᠤᠰ ᠤᠨ ᠠᠵᠢᠯᠯᠠᠭ᠎ᠠ ᠳᠤ᠂ ᠮᠠᠨ ᠤ ᠬᠤᠲᠠ ᠶᠢᠨ ᠡᠮᠴᠢ ᠰᠤᠪᠢᠯᠠᠭᠴᠢ ᠵᠢᠴᠢ ᠰᠠᠶᠢᠨ  ᠲᠤᠷᠠᠴᠢᠳ ᠬᠦᠴᠦ ᠪᠠᠨ ᠬᠠᠮᠲᠤᠳᠬᠠᠨ  ᠂ ᠮᠣᠩᠭᠤᠯ ᠤᠯᠤᠰ ᠤᠨ ᠡᠪᠡᠳᠴᠢᠲᠡᠨ ᠤ ᠴᠠᠭᠠᠨ ᠬᠠᠷᠠᠩ ᠤᠨ ᠬᠠᠷᠠᠭ᠎ᠠ  ᠰᠡᠷᠭᠦᠭᠡᠬᠦ ᠮᠡᠰᠡ ᠵᠠᠰᠠᠯ ᠢ  ᠠᠮᠵᠢᠯᠳᠠ ᠲᠠᠢ ᠬᠢᠬᠦ ᠳᠤ ᠬᠦᠴᠦᠨ ᠨᠡᠮᠡᠷᠢᠯᠡᠭᠰᠡᠨ ᠪᠥᠭᠡᠳ ᠡᠪᠡᠳᠴᠢᠲᠡᠨ ᠵᠢᠴᠢ ᠭᠡᠷ ᠪᠦᠯᠢ ᠶᠢᠨ  ᠬᠢᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号