ᠰᠡᠳᠬᠢᠴᠡ ᠶᠢᠨ ᠡᠷᠡᠭᠦᠯ ᠮᠡᠨᠳᠦ ᠶᠢᠨ ᠲᠠᠶᠢᠯᠤᠮᠵᠢ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠳᠤ ︽ᠰᠡᠳᠬᠢᠯ︾ ᠤᠨ ᠡᠨᠧᠷᠭᠢ ᠨᠡᠮᠡᠷᠢᠯᠡᠪᠡ
ᠨᠡᠶᠢᠲᠡᠯᠡᠭᠰᠡᠨ ᠴᠠᠭ᠄
2024/9/20
    ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠨᠢ ᠳᠠᠶᠢᠰᠤᠨ ᠢ ᠡᠰᠡᠷᠭᠦᠴᠡᠬᠦ ᠲᠡᠮᠡᠴᠡᠯ᠂ ᠵᠥᠷᠢᠴᠡᠯ ᠢ ᠠᠷᠢᠯᠭᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠨᠢᠭᠡᠳᠦᠭᠡᠷ ᠹᠷᠣᠨᠲ᠂ ᠬᠠᠮᠤᠭ ᠤᠨ ᠡᠮᠦᠨ᠎ᠡ ᠹᠷᠣᠨᠲ ᠲᠤ ᠵᠢᠯ ᠲᠤᠷᠰᠢ ᠡᠷᠡᠯᠬᠡᠭᠯᠡᠨ ᠪᠠᠶᠢᠯᠳᠤᠵᠤ᠂ ᠬᠠᠤᠯᠢᠵᠢᠯ ᠤᠨ ᠡᠷᠢᠶᠡᠨ ᠬᠤᠳᠠ᠂ ᠠᠮᠤᠷ ᠠᠮᠤᠭᠤᠯᠠᠩ ᠡᠷᠢᠶᠡᠨ ᠬᠤᠳᠠ ᠶᠢ ᠪᠦᠳᠦᠭᠡᠨ ᠪᠠᠶᠢᠭᠤᠯᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠴᠢᠬᠤᠯᠠ ᠬᠦᠴᠦᠨ ᠮᠥᠨ᠃ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠰᠡᠳᠬᠢᠴᠡ ᠶᠢᠨ ᠡᠷᠡᠭᠦᠯ ᠮᠡᠨᠳᠦ ᠶᠢ ᠤᠯᠠᠮ ᠨᠢᠭᠡ ᠠᠯᠬᠤᠮ ᠬᠠᠮᠠᠭᠠᠯᠠᠬᠤ ᠶᠢᠨ ᠳᠣᠯᠠᠳᠠ᠂ 9 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠤᠨ ᠡᠶᠡᠳᠡᠭᠦᠯᠭᠡ᠂ ᠪᠥᠬᠦ ᠤᠯᠤᠰ ᠤᠨ ᠰᠤᠷᠭᠠᠨ ᠬᠥᠮᠦᠵᠢᠯ ᠢ ᠬᠤᠪᠢᠷᠠᠭᠤᠯᠬᠤ ᠲᠤᠰᠬᠠᠶ ᠮᠡᠷᠭᠡᠵᠢᠯᠲᠡᠨ᠂ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠯᠭᠡ ᠥᠭᠭᠦᠭᠴᠢ ᠵᠢᠴᠢ ᠪᠦᠯᠬᠦᠮ ᠤᠨ ᠪᠦᠷᠢᠯᠳᠦᠬᠦᠨ ᠢ ᠤᠷᠢᠵᠤ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠳᠤ ᠰᠡᠳᠬᠢᠴᠡ ᠶᠢᠨ ᠡᠷᠡᠭᠦᠯ ᠮᠡᠨᠳᠦ ᠶᠢᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠪᠡ᠃      ᠲᠠᠶᠢᠯᠤᠮᠵᠢ ᠳᠡᠭᠡᠷ᠎ᠡ᠂ ᠰᠡᠳᠬᠢᠴᠡ ᠶᠢᠨ ᠲᠤᠰᠬᠠᠶ ᠮᠡᠷᠭᠡᠵᠢᠯᠲᠡᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠠᠵᠢᠯ ᠮᠡᠷᠭᠡᠵᠢᠯ ᠤᠨ ᠣᠨᠴᠠᠯᠢᠭ ᠲᠠᠢ ᠨᠢᠭᠲᠠ ᠤᠶᠠᠯᠳᠤᠭᠤᠯᠵᠤ᠂ ᠬᠡᠷᠡᠭ ᠤᠨ ᠵᠢᠱᠢᠶ᠎ᠡ ᠶᠢᠨ ᠪᠣᠳᠠᠲᠤ ᠶᠠᠪᠤᠳᠠᠯ᠂ ᠪᠣᠳᠣᠯ᠂ ᠤᠷᠮ᠎ᠠ ᠰᠡᠳᠬᠢᠯᠭᠡ᠂ ᠦᠢᠯᠡ ᠠᠵᠢᠯᠯᠠᠭ᠎ᠠ ᠵᠡᠷᠭᠡ ᠣᠯᠠᠨ ᠲᠠᠯ᠎ᠠ ᠠᠴᠠ ᠰᠡᠳᠬᠢᠴᠡ ᠶᠢᠨ ᠳᠠᠷᠤᠯᠲᠠ ᠡᠭᠦᠰᠬᠦ ᠪᠠ ᠬᠤᠤᠷ ᠬᠥᠨᠥᠭᠡᠯ ᠢ ᠲᠠᠶᠢᠯᠪᠤᠷᠢᠯᠠᠭᠰᠠᠨ ᠪᠥᠭᠡᠳ ᠡᠳᠦᠷ ᠲᠤᠲᠤᠮ ᠤᠨ ᠠᠮᠢᠳᠤᠷᠠᠯ ᠳᠤᠮᠳᠠ ᠡᠭᠦᠰᠦᠭᠰᠡᠨ ᠰᠡᠳᠬᠢᠴᠡ ᠶᠢᠨ ᠪᠠᠴᠢᠮᠳᠠᠬᠤ ᠠᠷᠭ᠎ᠠ ᠶᠢ ᠵᠥᠪ ᠢᠶᠠᠷ ᠡᠶᠡᠳᠡᠭᠦᠯᠦᠨ ᠰᠢᠢᠳᠪᠣᠷᠢᠯᠡᠵᠦ᠂ ᠡᠷᠡᠭᠦᠯ ᠰᠡᠳᠬᠢᠴᠡ ᠶᠢᠨ ᠪᠠᠶᠢᠳᠠᠯ ᠢᠶᠠᠨ ᠬᠡᠷᠬᠢᠨ ᠪᠠᠲᠤᠯᠠᠬᠤ ᠲᠤᠬᠠᠶ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠭᠠᠷᠭᠠᠵᠤ᠂ ᠣᠯᠠᠨ ᠢ ᠬᠠᠪᠰᠤᠷᠤᠨ ᠥᠪᠡᠷ ᠢ ᠪᠠᠨ ᠪᠥᠬᠦ ᠲᠠᠯ᠎ᠠ ᠪᠠᠷ ᠲᠠᠨᠢᠭᠤᠯᠵᠤ᠂ ᠤᠷᠮ᠎ᠠ ᠰᠡᠳᠬᠢᠯᠭᠡ ᠪᠠᠨ ᠳᠣᠭᠢᠷᠠᠭᠤᠯᠬᠤ ᠶᠢ ᠰᠤᠷᠴᠠᠶ᠃      ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠺᠠᠳ᠋ᠷ ᠴᠠᠭᠳᠠᠭ᠎ᠠ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠢᠮᠠᠭᠲᠠ ᠴᠢᠬᠤᠯᠠᠴᠢᠯᠠᠵᠤ᠂ ᠺᠠᠳ᠋ᠷ ᠴᠠᠭᠳᠠᠭ᠎ᠠ ᠶᠢᠨ ᠰᠡᠳᠬᠢᠴᠡ ᠶᠢᠨ ᠡᠷᠡᠭᠦᠯ ᠮᠡᠨᠳᠦ ᠶᠢ ᠡᠩᠨᠡᠭᠡᠨ ᠤ ᠪᠠᠶᠢᠭᠤᠯᠤᠯᠲᠠ ᠶᠢᠨ ᠨᠢᠭᠡᠨ ᠴᠢᠬᠤᠯᠠ ᠠᠭᠤᠯᠭ᠎ᠠ ᠪᠣᠯᠭᠠᠵᠤ᠂ ᠺᠠᠳ᠋ᠷ ᠴᠠᠭᠳᠠᠭ᠎ᠠ ᠶᠢᠨ ᠰᠠᠶᠢᠨ ᠰᠠᠶᠢᠬᠠᠨ ᠰᠡᠳᠬᠢᠴᠡ ᠶᠢᠨ ᠬᠡᠪ ᠴᠢᠨᠠᠷ ᠢ ᠬᠥᠮᠦᠵᠢᠭᠦᠯᠬᠦ ᠶᠢ ᠴᠢᠬᠤᠯᠠᠴᠢᠯᠠᠭᠰᠠᠭᠠᠷ ᠢᠷᠡᠵᠡᠶ᠃ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠬᠢᠬᠦ ᠪᠠᠷ ᠳᠠᠮᠵᠢᠭᠤᠯᠤᠨ᠂ ᠡᠯ᠎ᠡ ᠲᠥᠷᠥᠯ ᠤᠨ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢ ᠲᠠᠰᠤᠷᠠᠯᠲᠠ ᠥᠬᠡᠶ ᠬᠥᠲᠥᠯᠥᠨ ᠵᠢᠯᠣᠭᠤᠳᠴᠤ ᠪᠠᠶᠢᠭᠠᠳ ᠦᠭᠡᠳᠡᠷᠬᠡᠭ᠂ ᠢᠳᠡᠪᠬᠢᠲᠡᠶ᠂ ᠪᠠᠶᠠᠰᠤᠩᠭᠤᠶ ᠰᠡᠳᠬᠢᠯᠭᠡ ᠲᠠᠢ ᠪᠣᠯᠭᠠᠵᠤ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠡᠷᠡᠭᠦᠯ ᠰᠠᠷᠠᠭᠤᠯ ᠪᠡᠶ᠎ᠡ ᠰᠡᠳᠬᠢᠯ ᠤᠨ ᠳᠦᠷᠰᠦ ᠪᠠᠶᠢᠳᠠᠯ ᠢᠶᠠᠷ ᠠᠵᠢᠯ ᠠᠮᠢᠳᠤᠷᠠᠯ ᠳᠤ ᠣᠷᠣᠯᠴᠠᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠲᠤᠬᠠᠶᠢᠯᠠᠭᠰᠠᠨ ᠠᠵᠢᠯ ᠤᠨ ᠢᠷᠠᠭᠤ ᠠᠯᠳᠠᠷᠲᠤ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠦᠨ᠎ᠡ      ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠪᠠᠶᠢᠴᠠᠭᠠᠬᠤ ᠬᠤᠷᠢᠶ᠎ᠠ᠂ ᠬᠤᠲᠠ ᠶᠢᠨ ᠠᠷᠠᠳ ᠤᠨ ᠰᠢᠭᠦᠬᠦ ᠬᠤᠷᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠠᠮᠤᠷ ᠲᠦᠪᠰᠢᠨ ᠤ ᠲᠣᠪᠴᠢᠶ᠎ᠠ᠂ ᠰᠤᠮᠤᠨ ᠤ ᠨᠡᠶᠢᠭᠡᠮ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号