︽ᠨᠢᠭᠡ ᠬᠤᠲᠠ ᠬᠤᠶᠠᠷ ᠬᠤᠰᠢᠭᠤ︾ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠬᠢᠯᠢ ᠬᠢᠵᠠᠭᠠᠷ ᠣᠷᠣᠨ ᠢ ᠵᠠᠯᠭᠠᠬᠤ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2024/9/23
        9 ᠰᠠᠷ᠎ᠠ ᠶᠢᠨ 20 ᠤ ᠡᠳᠦᠷ᠂ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ ᠭᠤᠷᠪᠠᠨ ᠭᠠᠵᠠᠷ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠣᠷᠣᠨ ᠪᠦᠰᠡ ᠶᠢᠨ ᠬᠠᠮᠵᠢᠯᠴᠠᠭᠠᠨ ᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃
     ᠲᠤᠬᠠᠢ ᠶᠢᠨ ᠲᠠᠯᠠᠪᠠᠢ ᠳᠤ᠂ ᠭᠤᠷᠪᠠᠨ ᠭᠠᠵᠠᠷ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ︽ᠭᠠᠵᠢᠭᠤ ᠨᠣᠮᠯᠠᠯ ᠤᠨ ᠠᠰᠠᠭᠤᠳᠠᠯ ᠢ ᠰᠡᠷᠭᠡᠶᠢᠯᠡᠬᠦ ᠪᠠ ᠰᠢᠢᠳᠪᠦᠷᠢᠯᠡᠬᠦ ᠬᠢᠯᠢ ᠬᠢᠵᠠᠭᠠᠷ ᠣᠷᠣᠨ ᠤ ᠬᠠᠮᠵᠢᠯᠴᠠᠭᠠᠨ ᠤ ᠲᠣᠭᠲᠠᠴᠠ ᠶᠢ ᠴᠢᠩᠭᠠᠳᠬᠠᠬᠤ ᠲᠤᠬᠠᠢ ᠰᠠᠨᠠᠯ︾ ᠳᠤ ᠭᠠᠷ ᠤᠨ ᠦᠰᠦᠭ ᠵᠢᠷᠤᠪᠠ᠃ ᠳᠠᠷᠠᠭ᠎ᠠ ᠨᠢ᠂ ᠭᠤᠷᠪᠠᠨ ᠭᠠᠵᠠᠷ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠣᠰ ᠭᠠᠵᠢᠭᠤ ᠨᠣᠮᠯᠠᠯ ᠢ ᠡᠰᠡᠷᠭᠦᠴᠡᠬᠦ ᠠᠵᠢᠯ ᠥᠷᠨᠢᠭᠦᠯᠦᠭᠰᠡᠨ ᠪᠠᠶᠢᠳᠠᠯ ᠢᠶᠠᠨ ᠲᠠᠨᠢᠯᠴᠠᠭᠤᠯᠪᠠ᠃
    ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠭᠤᠷᠪᠠᠨ ᠭᠠᠵᠠᠷ ᠤᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠪᠠ ᠭᠤᠣᠯᠳᠠᠯᠭ᠎ᠠ ᠲᠠᠢ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠭᠠᠵᠢᠭᠤ ᠨᠣᠮᠯᠠᠯ ᠢ ᠡᠰᠡᠷᠭᠦᠴᠡᠬᠦ ᠡᠬᠢ ᠡᠭᠦᠰᠦᠯ ᠠᠴᠠ ᠨᠢ ᠵᠠᠰᠠᠬᠤ ᠶᠢᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠭᠤᠷᠪᠠᠨ ᠭᠠᠵᠠᠷ ᠤᠨ ᠬᠢᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠣᠨᠴᠠᠯᠢᠭ ᠤᠨ ᠲᠣᠭᠤᠷᠢᠨ ᠳᠤ᠂ ᠣᠷᠣᠨ ᠪᠦᠰᠡ ᠶᠢᠨ ᠬᠠᠮᠵᠢᠯᠴᠠᠭᠠᠨ ᠤ ᠪᠣᠳᠠᠲᠤ ᠬᠡᠷᠡᠭᠴᠡᠭᠡ ᠶᠢ ᠡᠵᠡᠮᠳᠡᠵᠦ᠂ ᠡᠯ᠎ᠡ ᠵᠦᠢᠯ ᠤᠨ ᠬᠠᠮᠵᠢᠯᠴᠠᠬᠤ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠰᠣᠯᠢᠯᠴᠠᠬᠤ᠂ ᠭᠠᠵᠢᠭᠤ ᠨᠣᠮᠯᠠᠯ ᠢ ᠡᠰᠡᠷᠭᠦᠴᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠪᠠ ᠤᠷ᠎ᠠ ᠴᠢᠳᠠᠪᠤᠷᠢ ᠶᠢ ᠬᠠᠪᠰᠤᠷᠤᠨ ᠳᠠᠭᠠᠭᠤᠯᠬᠤ ᠪᠣᠯᠪᠠᠰᠤᠷᠠᠯ ᠵᠡᠷᠭᠡ ᠬᠦᠷᠢᠶᠡᠨ ᠳᠤ ᠬᠠᠮᠲᠤᠷᠠᠯᠴᠠᠭ᠎ᠠ ᠰᠣᠯᠢᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠳᠤᠲᠠᠭᠤᠳᠠᠯ ᠢ ᠨᠥᠬᠦᠪᠥᠷᠢᠯᠡᠬᠦ ᠪᠣᠳᠠᠲᠠᠶ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠰᠢᠨ᠎ᠡ ᠶᠢ ᠡᠭᠦᠳᠦᠨ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ︽ᠨᠢᠭᠡ ᠬᠤᠲᠠ ᠬᠤᠶᠠᠷ ᠬᠤᠰᠢᠭᠤ︾ ᠶᠢᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
    ᠭᠠᠷ ᠤᠨ ᠦᠰᠦᠭ ᠵᠢᠷᠤᠬᠤ ᠶᠣᠰᠣᠯᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠭᠤᠷᠪᠠᠨ ᠭᠠᠵᠠᠷ ᠤᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠥᠮᠦᠰ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ ᠬᠦᠷᠴᠦ ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ᠥᠷᠨᠢᠭᠦᠯᠦᠭᠰᠡᠨ ᠪᠥᠭᠡᠳ ᠤᠯᠤᠰ ᠤᠨ ᠡᠭᠦᠳᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠵᠡᠭᠦᠯᠭᠡ ᠶᠢᠨ ᠲᠢᠩᠬᠢᠮ ᠪᠣᠯᠤᠨ ᠡᠬᠡ ᠤᠯᠤᠰ ᠤᠨ ᠬᠤᠶᠢᠲᠤ ᠡᠭᠦᠳᠡᠨ ᠤ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠥᠮᠦᠵᠢᠯ ᠤᠨ ᠰᠠᠭᠤᠷᠢᠨ ᠢ ᠲᠣᠭᠤᠷᠢᠨ ᠦᠵᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号