【 ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ 】 ᠡᠷᠢᠶᠡᠨ ᠬᠤᠲᠠ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/9/23
     ᠰᠠᠶᠢᠨ ᠳᠤᠷ᠎ᠠ ᠶᠢᠨ ᠦᠢᠯᠡᠴᠢᠯᠡᠭᠡ ᠶᠢ ᠳᠦᠷᠢᠮᠵᠢᠭᠦᠯᠬᠦ᠂ ᠪᠠᠶᠢᠩᠭᠤᠵᠢᠭᠤᠯᠬᠤ᠂ ᠲᠦᠷᠦᠯ ᠳᠡᠮᠳᠡᠭᠵᠢᠬᠦᠯᠬᠦ ᠬᠥᠭᠵᠢᠯᠲᠡ ᠶᠢ ᠭᠦᠨᠵᠡᠭᠡᠢ ᠠᠬᠢᠭᠤᠯᠬᠤ ᠶᠢᠨ ᠳᠣᠯᠠᠳᠠ᠂ 9 ᠰᠠᠷ᠎ᠠ ᠶᠢᠨ 20 ᠤ ᠡᠳᠦᠷ᠂ ᠮᠠᠨ ᠤ ᠬᠤᠳᠠ ᠶᠢᠨ ︽ᠰᠠᠶᠢᠨ ᠳᠤᠷ᠎ᠠ ᠶᠢᠨ ᠬᠦᠴᠦᠨ ᠢ ᠬᠤᠷᠠᠮᠳᠤᠭᠤᠯᠵᠤ᠂ ᠰᠠᠶᠢᠨ ᠰᠠᠶᠢᠬᠠᠨ ᠡᠷᠢᠶᠡᠨ ᠢ ᠬᠠᠮᠲᠤᠪᠠᠷ ᠪᠦᠳᠦᠭᠡᠨ ᠪᠠᠶᠢᠭᠤᠯᠬᠤ︾ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠤᠷᠤᠯᠳᠤᠭᠠᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠪᠠ᠃ ᠪᠥᠬᠦ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡ ᠶᠢᠨ 14 ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠣᠷᠣᠯᠴᠠᠵᠠᠶ᠃      ᠤᠷᠤᠯᠳᠤᠭᠠᠨ ᠳᠤ᠂ ᠤᠷᠤᠯᠳᠤᠭᠠᠨ ᠳᠤ ᠣᠷᠣᠯᠴᠠᠭᠰᠠᠳ PPT᠂ ᠸᠢᠳᠢᠣ᠋ ᠵᠡᠷᠭᠡ ᠠᠷᠭ᠎ᠠ ᠬᠡᠯᠪᠡᠷᠢ ᠪᠠᠷ ᠲᠥᠷᠥᠯ ᠵᠦᠢᠯ ᠤᠨ ᠡᠭᠦᠰᠦᠯ᠂ ᠬᠡᠷᠡᠭᠵᠢᠭᠦᠯᠦᠭᠰᠡᠨ ᠦᠷ᠎ᠡ ᠪᠦᠲᠦᠮᠵᠢ᠂ ᠠᠵᠢᠯᠯᠠᠭᠠᠨ ᠤ ᠬᠠᠮᠢᠶᠠᠷᠤᠯᠲᠠ᠂ ᠰᠢᠨ᠎ᠡ ᠶᠢ ᠡᠭᠦᠳᠬᠦ ᠴᠢᠳᠠᠪᠤᠷᠢ᠂ ᠨᠡᠶᠢᠭᠡᠮ ᠤᠨ ᠨᠥᠯᠥᠭᠡ ᠵᠡᠷᠭᠡ ᠶᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠮᠠᠨ ᠤ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠣᠯᠠᠨ ᠲᠦᠮᠡᠨ ᠳᠤ ᠤᠬᠠᠭᠤᠯᠬᠤ᠂ ᠣᠯᠠᠨ ᠲᠦᠮᠡᠨ ᠢ ᠬᠥᠮᠦᠵᠢᠭᠦᠯᠬᠦ᠂ ᠣᠯᠠᠨ ᠲᠦᠮᠡᠨ ᠢ ᠬᠥᠲᠥᠯᠥᠨ ᠳᠠᠭᠠᠭᠤᠯᠬᠤ ᠂ ᠣᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ ᠪᠠᠳᠠᠷᠠᠭᠤᠯᠵᠤ᠂ ᠪᠣᠯᠪᠠᠰᠤᠨ ᠤ ᠦᠢᠯᠡᠳᠦᠯᠭᠡ ᠶᠢᠨ ᠦᠨᠳᠦᠰᠦᠨ ᠱᠠᠲᠤᠨ ᠳᠤ ᠤᠷᠲᠤᠳᠬᠠᠬᠤ᠂ ᠥᠷᠭᠡᠳᠬᠡᠬᠦ ᠪᠠ ᠪᠠᠬᠢᠵᠢᠭᠦᠯᠬᠦ ᠶᠢ ᠠᠬᠢᠭᠤᠯᠵᠤ᠂ ᠪᠣᠯᠪᠠᠰᠤᠨ ᠤ ᠴᠡᠴᠡᠭ ᠢ ᠭᠠᠵᠠᠷ ᠪᠣᠯᠭᠠᠨ ᠳᠤ ᠳᠡᠯᠭᠡᠷᠡᠭᠦᠯᠪᠡ᠃ ᠲᠠᠮᠢᠷᠴᠢᠳ ᠭᠤᠶᠢᠳᠠ ᠰᠠᠶᠢᠬᠠᠨ ᠥᠨᠳᠥᠷ ᠣᠷᠭᠢᠯ ᠰᠢᠢᠳᠪᠦᠷᠢ ᠲᠠᠢ ᠪᠠᠶᠢᠵᠤ᠂ ᠰᠢᠯᠭᠠᠷᠠᠭᠤᠯᠬᠤ ᠺᠣᠮᠢᠰ ᠤᠨ ᠭᠡᠰᠢᠭᠦᠨ ᠪᠣᠯᠤᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠤᠯᠪᠠ᠃ ᠡᠴᠦᠰ ᠲᠤ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 3᠂ ᠰᠢᠯᠢᠳᠡᠭ ᠱᠠᠩᠨᠠᠯ 8 ᠰᠢᠯᠭᠠᠷᠠᠭᠤᠯᠪᠠ᠃       ᠵᠡᠬᠦᠨ ᠬᠤᠳᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠠᠶᠢᠨ ᠳᠤᠷ᠎ᠠ ᠶᠢᠨ ᠠᠵᠢᠯᠯᠠᠭᠴᠢ ᠵᠠᠩ ᡁᠢ ᠢᠦᠶ᠄ ︽ᠡᠨᠡ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ ᠬᠦᠷᠲᠡᠵᠡᠶ᠂ ᠡᠨᠡ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠤᠷᠤᠯᠳᠤᠭᠠᠨ ᠨᠢ ᠪᠢᠳᠡᠨ ᠳᠤ ᠬᠠᠷᠢᠯᠴᠠᠨ ᠰᠤᠷᠤᠯᠴᠠᠬᠤ᠂ ᠰᠣᠯᠢᠯᠴᠠᠬᠤ ᠲᠠᠪᠴᠠᠩ ᠬᠠᠩᠭᠠᠵᠤ᠂ ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠭᠤᠤᠯᠳᠠᠯᠭ᠎ᠠ ᠲᠠᠢ ᠠᠵᠢᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠨᠠᠩ ᠣᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠣᠯᠠᠨ ᠲᠦᠮᠡᠨ ᠳᠤ ᠡᠯ᠎ᠡ ᠵᠦᠢᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ ᠥᠭᠭᠦᠨ᠎ᠡ︾ ᠭᠡᠵᠦ ᠬᠡᠯᠡᠪᠡ᠃      ᠲᠤᠰ ᠤᠳᠠᠭᠠᠨ ᠤ ᠤᠷᠤᠯᠳᠤᠭᠠᠨ ᠢ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠬᠢᠯᠡᠵᠦ᠂ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠨᠡᠩ ᠶᠡᠭᠡ ᠲᠠᠪᠴᠠᠩ ᠪᠣᠯᠭᠠᠵᠤ᠂ ᠪᠣᠭᠤᠮᠲᠠ ᠶᠢᠨ ᠣᠨᠴᠠᠯᠢᠭ ᠲᠠᠢ ᠰᠠᠶᠢᠨ ᠳᠤᠷ᠎ᠠ ᠶᠢᠨ ᠪᠣᠯᠪᠠᠰᠤᠨ ᠤ ᠵᠣᠷᠢᠭ ᠰᠠᠨᠠᠭ᠎ᠠ ᠶᠢ ᠨᠡᠩ ᠥᠷᠭᠡᠨ ᠨᠡᠩ ᠠᠯᠤᠰ ᠬᠤᠯᠠ ᠤᠯᠠᠮᠵᠢᠯᠠᠵᠤ᠂ ᠰᠠᠶᠢᠨ ᠰᠠᠶᠢᠬᠠᠨ ᠦᠷ᠎ᠡ ᠪᠦᠲᠦᠮᠵᠢ ᠶᠢ ᠪᠦᠷᠢᠯᠳᠦᠭᠦᠯᠬᠦ ᠶᠢᠨ ᠲᠥᠯᠥᠭᠡ ᠶᠤᠮ᠃ ᠡᠭᠦᠨ ᠤ ᠬᠠᠮᠲᠤ ᠤᠷᠤᠯᠳᠤᠭᠠᠨ ᠢᠶᠠᠷ ᠲᠠᠮᠵᠢᠨ᠂ ᠨᠡᠩ ᠥᠪᠡᠷᠮᠢᠴᠡ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠥᠷᠭᠡᠳᠬᠡᠵᠦ᠂ ᠠᠭᠤᠳᠠᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠨ᠎ᠡ ᠬᠦᠴᠦᠨ᠂ ᠴᠢᠨᠠᠷ ᠰᠠᠶᠢᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠪᠣᠯᠤᠨ ᠡᠯ᠎ᠡ ᠲᠦᠷᠦᠯ ᠤᠨ ᠪᠡᠯᠡ ᠮᠥᠩᠭᠦ ᠶᠢ ᠴᠥᠮ ᠣᠷᠣᠯᠴᠠᠬᠤ ᠶᠢ ᠵᠣᠷᠢᠭᠵᠢᠭᠤᠯᠵᠤ᠂ ᠨᠡᠩ ᠤᠯᠠᠨ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠥᠪᠡᠷ ᠤᠨ ᠬᠥᠭᠵᠢᠯᠲᠡ ᠶᠢᠨ ᠣᠷᠣᠨ ᠵᠠᠢ ᠪᠣᠯᠤᠨ ᠴᠢᠰᠤ ᠪᠦᠲᠦᠭᠡᠬᠦ ᠠᠷᠭ᠎ᠠ ᠵᠠᠮ ᠲᠠᠢ ᠪᠣᠯᠭᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号