ᠬᠦᠭᠵᠢᠯᠳᠠ ᠶᠢᠨ ᠵᠠᠮ ᠳᠡᠭᠡᠷᠡᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠢᠮ ᠲᠡᠮᠳᠡᠭ
ᠨᠡᠶᠢᠲᠡᠯᠡᠭᠰᠡᠨ ᠴᠠᠭ᠄
2024/9/23
           
    ᠡᠨᠡ ᠵᠢᠯ ᠤᠨ 9 ᠰᠠᠷ᠎ᠠ ᠶᠢᠨ 21 ᠤ ᠡᠳᠦᠷ ᠪᠣᠯ 24 ᠳ᠋ᠣᠭᠡᠷ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠪᠣᠯᠤᠨ᠎ᠠ᠃ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠳᠣᠯᠠᠳᠠ᠂ ᠲᠤᠬᠠᠶ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠤᠨ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ᠂ ︽ᠡᠬᠡ ᠤᠯᠤᠰ ᠮᠢᠨᠦ ᠰᠡᠳᠬᠢᠯ ᠳᠤ︾ ᠭᠡᠬᠦ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ᠂ ᠤᠯᠤᠰ ᠢᠶᠠᠨ ᠬᠦᠴᠦᠷᠬᠡᠭᠵᠢᠭᠦᠯᠬᠦ᠂ ᠤᠯᠤᠰ ᠲᠠᠭᠠᠨ ᠵᠢᠳᠬᠦᠬᠦ ᠵᠣᠷᠢᠭ ᠢ ᠲᠠᠰᠤᠷᠠᠯᠲᠠ ᠥᠬᠡᠶ ᠬᠥᠭᠵᠢᠭᠡᠪᠡ᠃      ᠰᠠᠭᠤᠷᠢᠨ ᠭᠠᠵᠠᠷ ᠲᠤ ᠠᠯᠬᠤᠨ ᠣᠷᠣᠬᠤ ᠳᠤ᠂ ᠲᠡᠷᠡ ᠬᠦ ᠲᠡᠦᠬᠡ ᠶᠢᠨ ᠤᠯᠠ ᠮᠥᠷ ᠢᠶᠠᠷ ᠳᠦᠭᠦᠷᠴᠦ᠂ ᠪᠣᠭᠤᠮᠲᠠ ᠶᠢᠨ ᠬᠥᠭᠵᠢᠯᠲᠡ ᠶᠢᠨ ᠲᠤᠬᠠᠢ ᠶᠠᠷᠢᠭᠰᠠᠨ ᠬᠠᠭᠤᠴᠢᠨ ᠭᠡᠷᠡᠯ ᠵᠢᠷᠤᠭ ᠨᠢ ᠶᠠᠭ ᠯᠠ ᠥᠩᠭᠡᠷᠡᠭᠰᠡᠨ ᠤ ᠭᠠᠶᠢᠬᠠᠮᠰᠢᠭᠲᠤ ᠡᠳᠦᠷ ᠰᠠᠷ᠎ᠠ ᠶᠢ ᠶᠠᠷᠢᠵᠤ ᠪᠠᠶᠢᠭ᠎ᠠ ᠰᠢᠭ ᠪᠠᠶᠢᠯ᠎ᠠ᠃ ᠨᠠᠮ ᠪᠣᠯᠤᠨ ᠠᠷᠠᠳ ᠤᠨ ᠴᠡᠷᠢᠭ ᠠᠩᠭᠢ ᠶᠢᠨ ᠰᠦᠷ ᠳᠠᠯᠠᠶᠢᠴᠠᠲᠠᠢ ᠬᠥᠭᠵᠢᠯᠲᠡ ᠶᠢᠨ ᠶᠠᠪᠤᠴᠠ ᠪᠣᠯᠤᠨ ᠠᠷᠠᠳ ᠤᠨ ᠴᠡᠷᠢᠭ ᠠᠩᠭᠢ ᠶᠢᠨ ᠣᠨᠴᠠ ᠪᠠᠶᠢᠳᠠᠭ ᠬᠤᠪᠢᠰᠬᠠᠯ ᠤᠨ ᠵᠣᠷᠢᠭ ᠰᠠᠨᠠᠭ᠎ᠠ ᠪᠣᠯᠤᠨ ᠬᠤᠪᠢᠰᠬᠠᠯ ᠤᠨ ᠰᠤᠷᠲᠠᠯ ᠠᠴᠠ ᠦᠶ᠎ᠡ ᠦᠶ᠎ᠡ ᠶᠢᠨ ᠤᠯᠤᠰ ᠤᠨ ᠡᠭᠦᠳᠡ ᠶᠢᠨ ᠬᠠᠮᠠᠭᠠᠯᠠᠭᠴᠢ ᠬᠦᠷᠲᠡᠯ᠎ᠡ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠤᠯᠤᠰ ᠤᠨ ᠡᠭᠦᠳᠡ ᠶᠢᠨ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠪᠠ᠂ ᠪᠠᠭᠰᠢ ᠰᠤᠷᠤᠭᠴᠢᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠶᠠᠪᠤᠳᠠᠯ ᠤᠨ ᠬᠥᠭᠵᠢᠯᠲᠡ ᠶᠢᠨ ᠰᠤᠳᠠᠰᠤ ᠶᠢ ᠭᠦᠨᠵᠡᠭᠡᠢ ᠣᠶᠢᠯᠠᠭᠠᠪᠠ᠃ ᠰᠤᠷᠤᠭᠴᠢᠳ ᠪᠦᠯᠦᠭ ᠨᠢᠭᠡᠪᠦᠷᠢ ᠶᠢ ᠨᠠᠷᠢᠨ ᠬᠢᠨᠠᠮᠠᠭᠠᠢ ᠰᠣᠨᠣᠰᠴᠤ᠂ ᠤᠯᠤᠰ ᠤᠨ ᠡᠭᠦᠳᠡᠨ ᠤ ᠵᠠᠭᠪᠤᠷ ᠢ ᠲᠣᠭᠤᠷᠢᠨ ᠦᠵᠡᠵᠦ᠂ ᠤᠯᠤᠰ ᠤᠨ ᠡᠭᠦᠳᠡᠨ ᠤ ᠬᠤᠪᠢᠷᠠᠯᠲᠠ ᠶᠢ ᠣᠶᠢᠯᠠᠭᠠᠵᠤ᠂ ᠥᠪᠡᠷ ᠤᠨ ᠭᠦᠨ ᠳᠡᠭᠡᠨ ᠡᠬᠡ ᠤᠯᠤᠰ ᠤᠨ ᠬᠢᠯᠢ ᠶᠢᠨ ᠪᠣᠭᠤᠮᠲᠠ ᠳᠤ ᠣᠮᠣᠭᠰᠢᠵᠤ ᠪᠠᠶᠢᠨ᠎ᠠ᠃      ᠡᠨᠡ ᠤᠳᠠᠭ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠠᠵᠢᠯᠯᠠᠭ᠎ᠠ ᠶᠢ ᠲᠣᠭᠤᠷᠢᠨ ᠦᠵᠡᠵᠦ᠂ ᠬᠠᠮᠲᠤ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠲᠡᠳᠡᠨ ᠤ ᠰᠡᠳᠬᠢᠯ ᠳᠤ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠴᠦᠷᠬᠡᠭᠵᠢᠭᠦᠯᠬᠦ ᠦᠷ᠎ᠡ ᠶᠢ ᠲᠠᠷᠢᠵᠤ ᠥᠭᠭᠦᠭᠰᠡᠨ ᠪᠠᠶᠢᠨ᠎ᠠ᠃ ᠢᠷᠡᠭᠡᠳᠦᠢ ᠶᠢᠨ ᠡᠳᠦᠷ ᠤᠳ ᠲᠤ ᠡᠳᠡᠭᠡᠷ ᠦᠷ᠎ᠡ ᠶᠢ ᠰᠤᠷᠤᠭᠴᠢᠳ ᠤᠨ ᠴᠢᠷᠮᠠᠶᠢᠯᠭ᠎ᠠ ᠳᠣᠣᠷ᠎ᠠ ᠦᠨᠳᠦᠰᠦᠯᠠᠨ ᠰᠣᠶᠣᠭᠠᠯᠠᠵᠤ᠂ ᠢᠳᠡᠷᠡᠭᠦᠨ ᠢᠶᠠᠷ ᠦᠰᠦᠨ ᠪᠤᠶᠢᠵᠢᠬᠤ ᠶᠢ ᠢᠲᠡᠭᠡᠵᠦ ᠪᠠᠶᠢᠨ᠎ᠠ᠃
    ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠠᠴᠠ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ᠂ ᠪᠢᠳᠡᠨ ᠳᠤ ᠮᠠᠰᠢ ᠣᠯᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠣᠶᠢᠯᠠᠭᠠᠭᠤᠯᠤᠭᠰᠠᠨ ᠪᠥᠭᠡᠳ ᠪᠠᠰᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠶ ᠣᠶᠢᠯᠠᠭᠠᠭᠰᠠᠨ ᠪᠥᠭᠡᠳ ᠪᠣᠭᠤᠮᠲᠠ ᠶᠢᠨ ᠬᠥᠭᠵᠢᠯᠲᠡ ᠶᠢᠨ ᠲᠡᠤᠬᠡ ᠶᠢ ᠣᠶᠢᠯᠠᠭᠠᠭᠤᠯᠤᠭᠰᠠᠨ ᠪᠠᠶᠢᠨ᠎ᠠ᠃ ᠰᠤᠷᠤᠭᠴᠢ ᠪᠣᠯᠤᠭᠰᠠᠨ ᠤ ᠬᠤᠪᠢ ᠳᠤ ᠪᠢ ᠴᠢᠷᠮᠠᠶᠢᠨ ᠰᠤᠷᠤᠯᠴᠠᠵᠤ᠂ ᠡᠬᠡ ᠤᠯᠤᠰ ᠤᠨ ᠢᠶᠠᠨ ᠠᠴᠢ ᠶᠢ ᠬᠠᠷᠢᠭᠤᠯᠤᠨ᠎ᠠ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号