ᠤᠷᠴᠢᠭᠤᠯᠤᠠᠠᠴᠢ᠄ ᠪᠦᠷᠢᠩᠭᠤᠸ᠎ᠠ | | ᠤᠳᠤᠷᠢᠳᠬᠠᠯ᠄ | ᠡᠷᠢᠶᠡᠨ ᠬᠢᠯᠢ ᠶᠢᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠸ 8 | ᠰᠠᠷ᠎ᠠ ᠳᠤ᠂ ᠡᠷᠢᠶᠡᠨ ᠪᠣᠭᠤᠮᠲᠠ ᠪᠠᠷ ᠭᠠᠳᠠᠭᠠᠳᠤ ᠳᠤ ᠭᠠᠷᠭᠠᠭᠰᠠᠨ ᠨᠣᠭᠤᠭ᠎ᠠ ᠵᠢᠮᠢᠰ 10 ᠲᠦᠮᠡᠨ ᠲᠣᠨ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 32.9% ᠪᠠᠷ ᠨᠡᠮᠡᠭᠳᠡᠵᠦ᠂ ᠪᠠᠷᠠᠭᠠᠨ ᠤ ᠥᠷᠲᠡᠭ | ᠨᠢ 3.7 ᠳ᠋ᠦᠩᠰᠢᠭᠤᠷ ᠲᠥᠭᠦᠷᠢᠭ ᠲᠤ ᠬᠦᠷᠴᠦ᠂ 1.8 ᠳᠠᠬᠢᠨ ᠨᠡᠮᠡᠭᠳᠡᠵᠡᠢ ᠃ | | | ᠲᠠᠶᠢᠯᠪᠦᠷᠢ᠄ | 9 ᠰᠠᠷ᠎ᠠ ᠶᠢᠨ 12 ᠤᠨ ᠡᠳᠦᠷ ᠤᠨ ᠥᠷᠯᠥᠭᠡ᠂ ᠡᠷᠢᠶᠡᠨ ᠬᠤᠲᠠ ᠶᠢᠨ ᠬᠤᠤ ᠭᠠᠩ ᠵᠢᠮᠢᠰ | ᠢᠳᠡᠰᠢᠨ ᠨᠤᠭᠤᠭ᠎ᠠ ᠠᠮᠤ ᠲᠤᠰᠤ ᠶᠢ ᠬᠢᠯᠢ ᠪᠠᠷ ᠤᠷᠤᠭᠤᠯᠵᠦ ᠭᠠᠷᠭᠠᠬᠤ ᠬᠦᠷᠢᠶᠡᠯᠡᠩ ᠲᠣᠭᠤᠷᠢᠭ ᠲᠤ | ᠠᠵᠢᠯᠴᠢᠳ ᠰᠢᠨ᠎ᠡ ᠰᠣᠷᠭᠤᠭ ᠨᠣᠭᠤᠭ᠎ᠠ ᠵᠢᠮᠢᠰ ᠢ ᠠᠴᠢᠶᠠᠨ ᠤ ᠮᠠᠰᠢᠨ ᠲᠡᠷᠭᠡᠨ ᠳᠤ ᠲᠡᠭᠡᠭᠡᠵᠦ ᠶᠠᠭᠠᠷᠠᠯᠳᠤᠵᠦ | ᠪᠠᠶᠢᠯ᠎ᠠ᠃ 5 ᠴᠠᠭ ᠤᠨ ᠳᠠᠷᠠᠭ᠎ᠠ᠂ ᠨᠤᠭᠤᠭ᠎ᠠ ᠵᠢᠮᠢᠰ ᠢ ᠳᠦᠭᠦᠷᠲᠡᠯ᠎ᠡ ᠲᠡᠭᠡᠭᠡᠭᠰᠡᠨ ᠠᠴᠢᠶᠠᠨ ᠤ ᠲᠡᠷᠭᠡ | ᠬᠢᠯᠢ ᠶᠢᠨ ᠪᠣᠭᠤᠮᠲᠠ ᠶᠢᠨ ᠰᠢᠯᠭᠠᠨ ᠪᠠᠶᠢᠴᠠᠭᠠᠯᠳᠠ ᠶᠢ ᠪᠡᠶᠡᠯᠡᠭᠦᠯᠦᠭᠰᠡᠨ ᠤ ᠳᠠᠷᠠᠭ᠎ᠠ᠂ ᠳᠤᠮᠳᠠᠳᠤ ᠮᠣᠩᠭᠤᠯ ᠤᠨ | ᠲᠠᠷᠢᠶᠠᠯᠠᠩ ᠤᠨ ᠪᠦᠲᠦᠭᠡᠭᠳᠡᠬᠦᠨ ᠤ ᠰᠢᠭᠤᠷᠬᠠᠢ ᠨᠡᠪᠲᠡᠷᠡᠬᠦ ᠵᠠᠮ ᠢᠶᠠᠷ ᠮᠣᠩᠭᠤᠯ ᠤᠯᠤᠰ ᠵᠦᠭ ᠮᠤᠷᠳᠠᠵᠠᠢ ᠃ | 2018 ᠣᠨ ᠳᠤ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠰᠢᠭᠤᠷᠬᠠᠢ ᠨᠡᠪᠲᠡᠷᠡᠬᠦ | ᠵᠠᠮ ᠨᠡᠭᠡᠭᠡᠭᠰᠡᠨ ᠠᠴᠠ ᠨᠠᠭᠠᠰᠢ᠂ ᠡᠨᠡ ᠵᠢᠯ ᠤᠨ 8 ᠰᠠᠷ᠎ᠠ ᠶᠢᠨ ᠰᠡᠭᠦᠯᠴᠢ ᠪᠣᠯᠲᠠᠯ᠎ᠠ᠂ ᠡᠷᠢᠶᠡᠨ ᠬᠢᠯᠢ ᠶᠢᠨ | ᠪᠣᠭᠤᠮᠲᠠ ᠨᠡᠶᠢᠲᠡ 64.49 ᠲᠦᠮᠡᠨ ᠲᠣᠨ ᠨᠣᠭᠤᠭ᠎ᠠ ᠵᠢᠮᠢᠰ ᠢ ᠰᠢᠯᠭᠠᠨ ᠪᠠᠶᠢᠴᠠᠭᠠᠵᠦ ᠭᠠᠳᠠᠭᠠᠳᠤ ᠳᠤ | ᠭᠠᠷᠭᠠᠵᠠᠢ ᠃ ᠣᠳᠣᠬᠠᠨ ᠳᠤ᠂ ᠡᠷᠢᠶᠡᠨ ᠪᠣᠭᠤᠮᠲᠠ ᠪᠠᠷ ᠭᠠᠳᠠᠭᠠᠳᠤ ᠳᠤ ᠭᠠᠷᠭᠠᠵᠦ ᠪᠠᠶᠢᠭ᠎ᠠ ᠨᠣᠭᠤᠭ᠎ᠠ ᠵᠢᠮᠢᠰ | ᠲᠤ ᠥᠷᠭᠡᠰᠦᠲᠦ ᠬᠡᠮᠬᠡ᠂ ᠨᠣᠭᠤᠭᠠᠨ ᠴᠡᠴᠡᠭ᠂ ᠠᠯᠮᠤᠷᠠᠳ᠂ ᠠᠯᠢᠮ᠎ᠠ᠂ ᠪᠠᠨᠠᠨᠠ ᠵᠡᠷᠭᠡ ᠲᠦᠷᠦᠯ ᠪᠠᠶᠢᠵᠦ᠂ | ᠡᠳᠦᠷ ᠪᠦᠷᠢ ᠳᠤᠮᠳᠠᠴᠢ ᠪᠠᠷ 20 ᠮᠠᠰᠢᠨ ᠲᠡᠷᠭᠡ ᠳᠤ ᠨᠣᠭᠤᠭ᠎ᠠ ᠵᠢᠮᠢᠰ ᠠᠴᠢᠵᠦ ᠭᠠᠳᠠᠭᠠᠳᠤ ᠳᠤ ᠭᠠᠷᠭᠠᠵᠦ᠂ | ᠮᠣᠩᠭᠤᠯ ᠤᠯᠤᠰ ᠤᠨ ᠠᠷᠠᠳ ᠤᠯᠠᠨ ᠤ 80% ᠤᠨ ᠭᠠᠳᠠᠭᠠᠳᠤ ᠠᠴᠠ ᠣᠷᠣᠭᠤᠯᠬᠤ ᠢᠳᠡᠰᠢᠨ ᠨᠣᠭᠤᠭ᠎ᠠ | ᠵᠢᠮᠢᠰ ᠤᠨ ᠬᠡᠷᠡᠭᠴᠡᠭᠡ ᠶᠢ ᠬᠠᠩᠭᠠᠵᠤ ᠪᠤᠢ᠃ | ᠡᠨᠡ ᠵᠢᠯ ᠠᠴᠠ ᠨᠠᠭᠠᠰᠢ᠂ ᠡᠷᠢᠶᠡᠨ ᠬᠢᠯᠢ ᠶᠢᠨ ᠪᠣᠭᠤᠮᠲᠠ ︽ᠤᠷᠢᠳᠠᠪᠠᠷ ᠪᠠᠶᠢᠴᠠᠭᠠᠨ ᠰᠢᠯᠭᠠᠵᠤ | ᠳᠠᠷᠠᠭ᠎ᠠ ᠨᠢ ᠠᠴᠢᠵᠦ ᠲᠡᠭᠡᠭᠡᠪᠦᠷᠢᠯᠡᠬᠦ︾ ᠵᠠᠭᠪᠤᠷ ᠢ ᠢᠳᠡᠪᠬᠢᠲᠡᠢ ᠨᠠᠶᠢᠳᠠᠪᠤᠷᠢᠵᠢᠭᠤᠯᠵᠤ᠂ ᠵᠢᠮᠢᠰ ᠢᠳᠡᠰᠢᠨ | ᠨᠤᠭᠤᠭ᠎ᠠ ᠶᠢᠨ ᠪᠦᠲᠦᠭᠡᠭᠳᠡᠬᠦᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠦᠷᠭᠦᠯᠵᠢᠯᠡᠨ ᠰᠢᠯᠢᠳᠡᠭᠵᠢᠭᠦᠯᠵᠦ | ᠂ ︽5 + 2︾ ᠤᠨ ᠤᠷᠢᠳᠴᠢᠯᠠᠨ ᠪᠣᠯᠵᠣᠵᠤ ᠪᠠᠶᠢᠴᠠᠭᠠᠨ ᠰᠢᠯᠭᠠᠬᠤ ᠶᠢ ᠬᠡᠷᠡᠭᠵᠢᠭᠦᠯᠵᠦ᠂ ᠣᠶᠤᠨᠴᠢ ᠪᠠᠷ ᠬᠢᠨᠠᠨ | ᠰᠢᠯᠭᠠᠵᠦ ᠤᠭᠰᠠᠷᠠᠵᠤ ᠪᠠᠭᠤᠯᠭᠠᠬᠤ᠂ ᠲᠤᠬᠠᠢ ᠶᠢᠨ ᠴᠠᠭ ᠲᠤᠨᠢ ᠪᠢᠲᠡᠭᠦᠮᠵᠢᠯᠡᠬᠦ ᠂ ᠤᠶᠤᠨᠴᠢᠯᠬᠠᠰᠡᠨ ᠰᠢᠯᠭᠠᠨ | ᠪᠠᠶᠢᠴᠠᠭᠠᠯᠳᠠ ᠬᠢᠬᠦ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠬᠡᠷᠡᠭᠯᠡᠨ᠂ ᠭᠠᠳᠠᠭᠠᠳᠤ ᠭᠠᠷᠭᠠᠯᠲᠠ ᠶᠢᠨ | ᠦᠷ᠎ᠡ ᠪᠦᠲᠦᠮᠵᠢ ᠶᠢ ᠲᠡᠭᠡᠭᠰᠢᠯᠡᠭᠦᠯᠦᠭᠰᠡᠨ ᠤ ᠬᠠᠮᠳᠦ ᠠᠵᠤ ᠠᠬᠤᠶᠢᠯᠠᠯ ᠤᠨ ᠳᠠᠩᠰᠠᠯᠠᠭᠤᠯᠬᠤ᠂ ᠪᠣᠭᠤᠮᠲᠠ ᠪᠠᠷ | ᠦᠩᠭᠡᠷᠡᠬᠦ ᠂ ᠠᠶᠤᠯᠭᠦᠢ ᠤᠶᠢᠯᠡᠳᠪᠦᠷᠢᠯᠡᠯ᠂ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠳᠤ ᠠᠩᠬᠠᠷᠤᠯ ᠢᠶᠠᠨ | ᠲᠥᠪᠯᠡᠷᠡᠭᠦᠯᠦᠨ᠂ ︽ᠨᠢᠭᠡ ᠬᠠᠷᠢᠴᠠᠬᠤ ᠨᠢᠭᠡ︾ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠳᠤᠮᠳᠠᠳᠤ | ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ ᠥᠩᠭᠡᠷᠡᠬᠦ ︽ ᠰᠢᠭᠤᠷᠬᠠᠢ ᠨᠡᠪᠲᠡᠷᠡᠬᠦ | ᠵᠠᠮ︾ ᠤᠨ ᠥᠨᠳᠥᠷ ᠪᠦᠲᠦᠮᠵᠢᠲᠡᠶ ᠪᠠᠶᠢᠬᠤ ᠶᠢ ᠪᠥᠬᠦ ᠬᠦᠴᠦᠨ ᠢᠶᠠᠷ ᠪᠠᠳᠤᠯᠠᠵᠦ ᠪᠠᠶᠢᠨ᠎ᠠ ᠃ | | | |