2024 ᠣᠨ ᠳᠤ ᠪᠥᠬᠦ ᠣᠷᠣᠨ ᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠬᠤᠷᠠᠯ ᠵᠢᠴᠢ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠴᠤᠭᠯᠠᠭᠠᠨ ᠢ ᠡᠬᠢᠯᠡᠭᠦᠯᠵᠦ ᠮᠠᠨ ᠤ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ
ᠨᠡᠶᠢᠲᠡᠯᠡᠭᠰᠡᠨ ᠴᠠᠭ᠄
2024/9/24
     9 ᠰᠠᠷ᠎ᠠ ᠶᠢᠨ 22 ᠤᠨ ᠡᠳᠦᠷ᠂ ︽ ᠤᠮᠠᠷᠠᠲᠤ ᠬᠢᠯᠢ ᠳᠤ ᠴᠢᠳᠠᠪᠤᠷᠢᠲᠠᠨ ᠶᠢ ᠲᠥᠪᠯᠡᠷᠡᠭᠦᠯᠦᠨ ᠠᠵᠢᠯ ᠣᠯᠭᠤᠵᠤ ᠢᠷᠡᠭᠡᠳᠦᠶ ᠶᠢ ᠴᠣᠭᠴᠠᠯᠠᠶ᠎ᠠ︾ ᠭᠡᠬᠦ 2024 ᠣᠨ ᠳᠤ ᠪᠥᠬᠦ ᠣᠷᠣᠨ ᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠬᠤᠷᠠᠯ ᠵᠢᠴᠢ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠬᠤᠷᠠᠯ ᠡᠬᠢᠯᠡᠵᠦ ᠂ ᠮᠠᠨ ᠤ ᠬᠤᠲᠠ ᠮᠠᠨᠳᠣᠬᠠᠢ ᠠᠵᠢᠯ ᠤᠨ ᠵᠠᠬ᠎ᠠ ᠳᠡᠯᠭᠡᠭᠦᠷ ᠲᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠮᠡᠳᠡᠭᠡ ᠰᠣᠨᠣᠰᠤᠭᠠᠳ ᠢᠷᠡᠭᠰᠡᠨ ᠠᠵᠢᠯ ᠡᠷᠢᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯᠳᠠᠨ ᠡᠯᠰᠡᠬᠦ ᠦᠵᠡᠭᠦᠯᠦᠯᠭᠡ ᠶᠢᠨ ᠪᠠᠶᠢᠷᠢ ᠶᠢᠨ ᠡᠮᠦᠨ᠎ᠡ ᠪᠠᠶᠢᠨ ᠪᠠᠶᠢᠨ ᠵᠣᠭᠰᠣᠵᠤ ᠰᠣᠨᠢᠷᠬᠠᠪᠠ᠃ ᠠᠵᠤ ᠠᠬᠤᠶᠢᠯᠠᠯ ᠤᠨ ᠠᠵᠢᠯᠲᠠᠨ ᠤᠷᠢᠵᠤ ᠠᠵᠢᠯ ᠡᠷᠢᠭᠰᠡᠳ ᠲᠠᠢ ᠨᠢᠭᠤᠷᠳᠠᠨ ᠶᠠᠷᠢᠯᠴᠠᠵᠤ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠴᠠᠯᠢᠩ ᠣᠯᠭᠤᠮᠵᠢ᠂ ᠠᠵᠢᠯ ᠮᠡᠷᠭᠡᠵᠢᠯ ᠤᠨ ᠬᠥᠭᠵᠢᠯᠲᠡ ᠵᠡᠷᠭᠡ ᠠᠰᠠᠭᠤᠳᠠᠯ ᠳᠤ ᠬᠠᠷᠢᠭᠤᠯᠲᠠ ᠥᠭᠪᠡ᠃ ᠠᠵᠢᠯ ᠡᠷᠢᠭᠰᠡᠳ ᠠᠵᠢᠯᠲᠠᠨ ᠡᠯᠰᠡᠬᠦ ᠮᠡᠳᠡᠭᠡ ᠵᠠᠩᠭᠢ ᠶᠢ ᠨᠠᠷᠢᠨ ᠨᠢᠮᠪᠠᠶ ᠪᠠᠶᠢᠴᠠᠭᠠᠨ ᠦᠵᠡᠵᠦ᠂ ᠥᠪᠡᠷ ᠤᠨ ᠠᠵᠢᠯ ᠤᠨ ᠪᠠᠶᠢᠷᠢ ᠪᠠᠨ ᠠᠰᠠᠭᠤᠨ ᠯᠠᠪᠯᠠᠵᠤ ᠣᠶᠢᠯᠠᠭᠠᠪᠠ᠃
    ᠪᠤᠶᠠᠨ ᠪᠣᠯ ᠥᠪᠥᠷ ᠮᠣᠩᠭᠤᠯ ᠤᠨ ᠱᠦᠨ ᠹᠧᠩ ᠲᠦᠷᠭᠡᠨ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠶᠢᠨ ᠡᠷᠢᠶᠡᠨ ᠬᠤᠳᠠ ᠶᠢᠨ ᠬᠤᠪᠢᠶᠠᠷᠢ ᠺᠣᠮᠫᠠᠨᠢ ᠶᠢᠨ ᠬᠠᠷᠢᠭᠤᠴᠠᠯᠭᠠᠲᠠᠨ ᠪᠣᠯᠤᠨ᠎ᠠ᠃ ᠥᠷᠯᠥᠭᠡ ᠡᠷᠲᠡ᠂ ᠲᠡᠷᠡ ᠠᠵᠢᠯᠲᠠᠨ ᠡᠯᠰᠡᠬᠦ ᠴᠤᠭᠯᠠᠭᠠᠨ ᠤ ᠲᠤᠬᠠᠶ ᠶᠢᠨ ᠲᠠᠯᠠᠪᠤᠷ ᠲᠤ ᠬᠦᠷᠴᠦ᠂ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠢᠶᠠᠷ ᠳᠠᠮᠵᠢᠭᠤᠯᠤᠨ ᠲᠣᠬᠢᠷᠠᠮᠵᠢᠲᠠᠶ ᠵᠢᠱᠢᠭᠳᠡᠭᠴᠢ ᠶᠢ ᠡᠯᠰᠡᠬᠦ ᠶᠢ ᠬᠦᠰᠡᠪᠡ᠃      ᠪᠤᠶᠠᠨ ᠬᠡᠯᠡᠭᠰᠡᠨ ᠨᠢ᠄ ︽ᠡᠨᠡ ᠵᠢᠯ ᠤᠨ ᠲᠤᠬᠠᠶᠢᠯᠠᠭᠰᠠᠨ ᠠᠵᠢᠯ ᠢ ᠥᠷᠭᠡᠳᠬᠡᠵᠦ᠂ ᠠᠵᠢᠯᠲᠠᠨ ᠤ ᠬᠡᠷᠡᠭᠴᠡᠭᠡᠨ ᠤ ᠬᠡᠮᠵᠢᠶ᠎ᠡ ᠶᠢ ᠨᠡᠮᠡᠭᠳᠡᠭᠦᠯᠵᠦ᠂ ᠠᠵᠢᠯᠲᠠᠨ ᠡᠯᠰᠡᠬᠦ ᠬᠤᠷᠠᠯ ᠤᠨ ᠲᠠᠪᠴᠠᠩ ᠢ ᠠᠰᠢᠭᠯᠠᠨ᠂ ᠠᠵᠢᠯ ᠡᠷᠢᠭᠰᠡᠳ ᠮᠠᠨ ᠤ ᠡᠩᠨᠡᠭᠡ ᠳᠤ ᠣᠷᠣᠬᠤ ᠶᠢ ᠬᠦᠰᠡᠵᠦ ᠪᠠᠶᠢᠨ᠎ᠠ︾ ᠭᠡᠵᠡᠶ᠃
     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠰᠦᠯᠵᠢᠶ᠎ᠡ ᠪᠠᠷ ᠠᠵᠢᠯᠲᠠᠨ ᠡᠯᠰᠡᠬᠦ᠂ ᠰᠢᠨ᠎ᠡ ᠵᠠᠭᠤᠴᠢᠯᠠᠭᠤᠷ ᠢ ᠲᠠᠨᠢᠯᠴᠠᠭᠤᠯᠬᠤ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠮᠠᠨ ᠤ ᠬᠤᠲᠠ ᠳᠤ ᠨᠡᠶᠢᠲᠡ 16 ᠳᠤᠮᠳᠠ ᠪᠠᠭ᠎ᠠ ᠵᠢᠵᠢᠭ ᠠᠵᠤ ᠠᠬᠤᠶᠢᠯᠠᠯ ᠣᠷᠣᠯᠴᠠᠵᠤ᠂ ᠡᠳ᠋ ᠤᠨ ᠶᠠᠪᠤᠳᠠᠯ᠂ ᠨᠠᠷᠢᠨ ᠪᠢᠴᠢᠭ᠂ ᠪᠣᠷᠣᠯᠠᠭᠤᠯᠭ᠎ᠠ ᠵᠡᠷᠭᠡ 40 ᠠᠵᠢᠯ ᠤᠨ ᠪᠠᠶᠢᠷᠢ ᠬᠠᠩᠭᠠᠵᠤ᠂ ᠠᠵᠢᠯ ᠡᠷᠢᠭᠰᠡᠳ ᠤᠨ ᠰᠣᠩᠭᠤᠯᠲᠠ ᠶᠢ ᠬᠠᠩᠭᠠᠵᠠᠶ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠬᠦᠯᠦᠨ᠂ ︽2024 ᠣᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ︾ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯ ᠡᠷᠢᠭᠴᠢ ᠪᠠ ᠬᠥᠮᠦᠨ ᠬᠡᠷᠡᠭᠯᠡᠬᠦ ᠨᠢᠭᠡᠴᠡ ᠳᠤ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠦᠢᠯᠡᠴᠢᠯᠡᠭᠡ ᠬᠠᠩᠭᠠᠵᠤ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠪᠠᠷ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠠᠬᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号