ᠣᠯᠠᠨ ᠲᠦᠮᠡᠨ ᠳᠤ ᠪᠣᠳᠠᠲᠤ ᠠᠰᠢᠭ ᠬᠦᠷᠲᠡᠭᠡᠵᠦ ᠬᠡᠷᠡᠭᠯᠡᠭᠡ ᠳᠤ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/9/24
                     ᠬᠡᠷᠡᠭᠯᠡᠭᠡᠨ ᠤ ᠠᠮᠢᠳᠤᠯᠢᠭ ᠬᠦᠴᠦᠨ ᠢ ᠪᠠᠳᠠᠷᠠᠭᠤᠯᠵᠤ ᠠᠵᠤ ᠠᠬᠤᠢ ᠶᠢᠨ ᠨᠡᠮᠡᠭᠳᠡᠯ ᠳᠤ ᠬᠥᠳᠡᠯᠭᠡᠭᠴᠢ ᠬᠦᠴᠦᠨ ᠨᠠᠮᠡᠷᠢᠯᠡᠨ᠎ᠠ᠃ 9 ᠰᠠᠷ᠎ᠠ ᠶᠢᠨ 15 ᠤ ᠡᠳᠦᠷ ᠠᠴᠠ ᠨᠠᠰᠢ᠂ ᠮᠠᠨ ᠤ ᠬᠤᠲᠠ ︽ᠬᠢᠯᠢ ᠶᠢᠨ ᠬᠤᠲᠠ ᠶᠢ ᠪᠠᠶᠠᠷ ᠬᠥᠷ ᠲᠠᠢ ᠡᠳ᠋ᠯᠡᠶ᠎ᠡ︾ ᠭᠡᠬᠦ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠠᠵᠢᠯᠯᠠᠭ᠎ᠠ ᠶᠢ ᠡᠬᠢᠯᠡᠭᠦᠯᠵᠦ᠂ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠵᠤ᠂ ᠣᠯᠠᠨ ᠲᠦᠮᠡᠨ ᠤ ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠪᠠ᠃
     ᠮᠧᠩ ᠺᠧ ᠯᠦᠩ ᠴᠢᠯᠦᠭᠡᠳᠦ ᠳᠡᠯᠭᠡᠭᠦᠷ ᠲᠤ᠂ ᠪᠠᠷᠠᠭᠠᠨ ᠤ ᠲᠠᠯᠪᠢᠭᠤᠷ ᠳᠡᠭᠡᠷᠡᠬᠢ ᠲᠠᠸᠠᠷ ᠤᠨ ᠲᠥᠷᠥᠯ ᠵᠦᠢᠯ ᠪᠦᠷᠢᠨ᠂ ᠠᠮᠤ ᠪᠤᠳᠠᠭ᠎ᠠ ᠲᠣᠰᠣ᠂ ᠢᠳᠡᠰᠢᠨ ᠨᠣᠭᠤᠭ᠎ᠠ ᠵᠢᠮᠢᠰ᠂ ᠴᠠᠭᠠᠨ ᠢᠳᠡᠭᠡᠨ᠂ ᠮᠢᠬᠠᠨ ᠤ ᠲᠥᠷᠥᠯ ᠵᠡᠷᠭᠡ ᠡᠯ᠎ᠡ ᠲᠥᠷᠥᠯ ᠤᠨ ᠲᠠᠸᠠᠷ ᠴᠥᠮ ᠪᠠᠶᠢᠵᠤ᠂ ᠭᠦᠢᠴᠡᠳ ᠬᠡᠮᠵᠢᠶ᠎ᠡ ᠪᠠᠷ ᠰᠠᠶᠢᠨ ᠪᠠᠶᠢᠨ᠎ᠠ᠃ ᠬᠤᠲᠠ ᠶᠢᠨ ᠠᠷᠠᠳ ᠶᠠᠭ ᠲᠠᠸᠠᠷ ᠬᠤᠳᠠᠯᠳᠤᠨ ᠠᠪᠴᠤ ᠪᠠᠶᠢᠬᠤ ᠪᠥᠭᠡᠳ ︽ᠡᠭᠦᠯᠡᠨ ᠪᠤᠳᠤᠯᠲᠠ︾ APP ᠪᠠᠷ ᠳᠠᠮᠵᠢᠭᠤᠯᠤᠨ ᠬᠠᠷᠠᠭᠠᠯᠵᠠᠯ ᠦᠵᠡᠭᠦᠯᠵᠦ ᠲᠣᠭᠠᠴᠠᠭ᠎ᠠ ᠬᠢᠵᠦ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠨᠢ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ︽ᠬᠤᠤᠰ ᠪᠠᠶᠠᠷ︾ ᠤᠨ ᠬᠡᠷᠡᠭᠯᠡᠭᠡᠨ ᠤ ᠴᠠᠭ ᠲᠣᠬᠢᠶᠠᠯ ᠢ ᠴᠢᠩᠭ᠎ᠠ ᠠᠩᠬᠠᠷᠴᠤ᠂ ᠠᠮᠤ ᠪᠤᠳᠠᠭ᠎ᠠ ᠲᠣᠰᠣ ᠢᠳᠡᠭᠡᠨ᠂ ᠮᠢᠬ᠎ᠠ ᠢᠳᠡᠰᠢᠨ ᠨᠣᠭᠤᠭ᠎ᠠ᠂ ᠢᠳᠡᠭᠡᠨ ᠤᠮᠳᠠᠭᠠᠨ ᠤ ᠪᠦᠷᠢᠨ ᠪᠠᠷᠠᠭ᠎ᠠ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠬᠡᠷᠡᠭᠯᠡᠭᠡᠨ ᠤ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠲᠠ ᠶᠢᠨ ᠬᠥᠮᠥᠷᠭᠡ ᠳᠤ ᠪᠠᠶᠢᠭ᠎ᠠ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠦᠢᠯᠡᠰ᠂ ᠬᠤᠨᠤᠭ ᠪᠠᠭᠤᠳᠠᠯ᠂ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠭᠤᠤᠯ ᠴᠣᠭᠴᠠ ᠳᠤ ᠬᠠᠨᠳᠤᠭᠤᠯᠤᠨ᠂ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ᠂ ᠪᠠᠯᠠ ᠮᠥᠩᠭᠦ ᠶᠢᠨ ᠳᠡᠮᠵᠢᠯᠭᠡ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠪᠠ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠦᠨ᠂ ᠰᠠᠶᠢᠨ ᠰᠠᠶᠢᠬᠠᠨ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠬᠤᠳᠠᠯᠳᠤᠭᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠠᠵᠤ ᠠᠬᠤᠶᠢᠯᠠᠯ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠤᠨ ᠲᠠᠰ ᠳᠡᠪᠰᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠪᠡ᠃      ᠮᠧᠩ ᠺᠧ ᠯᠦᠩ ᠴᠢᠯᠦᠭᠡᠳᠦ ᠳᠡᠯᠭᠡᠭᠦᠷ ᠤᠨ ᠪᠣᠷᠣᠯᠠᠭᠤᠯᠤᠯᠲᠠ ᠶᠢᠨ ᠭᠤᠤᠯ ᠬᠠᠮᠢᠶᠠᠷᠤᠭᠴᠢ ᠵᠣᠣ ᠬᠤᠩ ᠮᠧᠶ᠄ ︽ᠠᠵᠢᠯᠯᠠᠭ᠎ᠠ ᠶᠢ ᠳᠡᠯᠭᠡᠷᠡᠭᠦᠯᠦᠭᠰᠡᠨ ᠤ ᠳᠠᠷᠠᠭ᠎ᠠ᠂ ᠴᠢᠯᠦᠭᠡᠳᠦ ᠳᠡᠯᠭᠡᠭᠦᠷ ᠤᠨ ᠬᠥᠮᠦᠨ ᠤ ᠤᠷᠤᠰᠬᠠᠯ ᠤᠨ ᠨᠡᠮᠡᠭᠳᠡᠯ ᠢ ᠳᠠᠶᠢᠴᠢᠯᠠᠵᠤ᠂ ᠬᠤᠲᠠ ᠶᠢᠨ ᠠᠷᠠᠳ ᠲᠤ ᠬᠠᠷᠠᠭᠠᠯᠵᠠᠯ ᠬᠦᠷᠲᠡᠭᠡᠬᠦ ᠪᠠᠷ ᠪᠠᠷᠠᠬᠤ ᠥᠬᠡᠶ᠂ ᠪᠠᠰᠠ ᠮᠠᠨ ᠤ ᠪᠣᠷᠣᠯᠠᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠳᠠᠶᠢᠴᠢᠯᠠᠵᠤ᠂ ᠬᠤᠶᠠᠷ ᠲᠠᠯ᠎ᠠ ᠪᠠᠷ ᠢᠶᠠᠨ ᠢᠯᠠᠬᠤ ᠠᠵᠢᠯᠯᠠᠭ᠎ᠠ ᠪᠣᠯᠤᠨ᠎ᠠ︾ ᠭᠡᠵᠦ ᠬᠡᠯᠡᠪᠡ᠃      ᠲᠣᠰ ᠤᠳᠠᠭᠠᠨ ᠤ ᠠᠵᠢᠯᠯᠠᠭ᠎ᠠ ᠨᠢ ︽ᠡᠭᠦᠯᠡᠨ ᠲᠦᠷᠭᠡᠨ ᠲᠥᠯᠥᠬᠦ︾ APP ᠳᠤ ᠲᠦᠰᠢᠭᠯᠡᠨ ᠭᠤᠷᠪᠠᠨ ᠲᠥᠷᠥᠯ ᠤᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ 20450 ᠲᠠᠷᠬᠠᠭᠠᠪᠠ᠃ ᠡᠭᠦᠨ ᠳᠤ᠂ ᠬᠤᠳᠠᠯᠳᠤᠭᠠᠨ ᠤ ᠴᠢᠯᠦᠭᠡᠳᠦ ᠳᠡᠯᠭᠡᠭᠦᠷ ᠤᠨ ᠬᠡᠷᠡᠭᠯᠡᠭᠡᠨ ᠤ ᠲᠡᠮᠳᠡᠭᠲᠦ ᠶᠢᠨ ᠭᠠᠭᠴᠠ ᠦᠵᠦᠭᠦᠷ ᠤᠨ ᠬᠡᠷᠡᠭᠯᠡᠭᠡ 100 ᠲᠥᠭᠦᠷᠢᠭ ᠳᠦᠭᠦᠷᠦᠭᠡᠳ 20 ᠲᠥᠭᠦᠷᠢᠭ ᠪᠠᠭᠠᠰᠴᠤ᠂ ᠨᠡᠶᠢᠲᠡ 15000 ᠬᠠᠭᠤᠳᠠᠰᠤ ᠪᠣᠶ︔ ᠢᠳᠡᠭᠡᠨ ᠤᠮᠳᠠᠭᠠᠨ ᠤ ᠬᠡᠷᠡᠭᠯᠡᠭᠡᠨ ᠤ ᠲᠡᠮᠳᠡᠭᠲᠦ ᠶᠢᠨ ᠭᠠᠭᠴᠠ ᠦᠵᠦᠭᠦᠷ ᠤᠨ ᠬᠡᠷᠡᠭᠯᠡᠭᠡ ᠪᠦᠬᠦᠯᠢ 150 ᠲᠥᠭᠦᠷᠢᠭ ᠪᠠᠭᠠᠰᠴᠤ᠂ ᠨᠡᠶᠢᠲᠡ 5000 ᠬᠠᠭᠤᠳᠠᠰᠤ ᠬᠠᠰᠤᠭᠳᠠᠪᠠ︔ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠲᠡᠮᠳᠡᠭᠲᠦ ᠶᠢᠨ ᠲᠤᠰᠠᠭᠠᠷ ᠬᠡᠷᠡᠭᠯᠡᠭᠡ 2000 ᠲᠥᠭᠦᠷᠢᠭ ᠳᠦᠭᠦᠷᠦᠭᠡᠳ 200 ᠲᠥᠭᠦᠷᠢᠭ ᠬᠠᠰᠤᠭᠳᠠᠵᠤ᠂ ᠨᠡᠶᠢᠲᠡ 450 ᠬᠠᠭᠤᠳᠠᠰᠤ ᠬᠠᠰᠤᠭᠳᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号