ᠸᠠᠩ ᠰᠠᠨ ᠰᠢ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠬᠤᠲᠠ ᠶᠢᠨ ᠢᠯᠴᠢ ᠬᠠᠩᠭᠠᠬᠤ᠂ ᠳᠤᠯᠠᠭᠠᠴᠠᠭᠤᠯᠬᠤ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/9/27
     9 ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠪᠥᠬᠦ ᠬᠤᠲᠠ ᠶᠢᠨ 3 ᠢᠯᠴᠢ ᠶᠢᠨ ᠬᠦᠴᠦᠨ ᠤ ᠺᠣᠮᠫᠠᠨᠢ᠂ 5 ᠢᠯᠴᠢ ᠶᠢᠨ ᠢᠷᠡᠯᠲᠡ ᠶᠢᠨ ᠥᠷᠲᠡᠭᠡ ᠳᠤ ᠭᠦᠨᠵᠡᠭᠡᠶᠢᠷᠡᠨ ᠬᠤᠲᠠ ᠶᠢᠨ ᠢᠯᠴᠢ ᠬᠠᠩᠭᠠᠬᠤ᠂ ᠳᠤᠯᠠᠭᠠᠯᠭ᠎ᠠ ᠶᠢᠨ ᠢᠨᠵᠧᠨᠧᠷᠢᠩ ᠢ ᠠᠬᠢᠭᠤᠯᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃      ᠣᠳᠣᠬᠠᠨ ᠳᠤ᠂ 3 ᠢᠯᠴᠢ ᠶᠢᠨ ᠬᠦᠴᠦᠨ ᠤ ᠺᠣᠮᠫᠠᠨᠢ ᠴᠥᠮ ᠤᠷᠢᠳᠴᠢᠯᠠᠨ ︽ᠠᠰᠠᠭᠠᠬᠤ ᠵᠤᠤᠬ᠎ᠠ︾᠂ ᠲᠥᠪᠯᠡᠷᠡᠭᠦᠯᠦᠨ ᠢᠯᠴᠢ ᠬᠠᠩᠭᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠬᠦ ᠪᠠᠷ ᠪᠡᠯᠡᠳᠬᠡᠵᠦ ᠪᠠᠶᠢᠨ᠎ᠠ᠃ ᠬᠦᠷᠦᠭᠰᠡᠨ ᠭᠠᠵᠠᠷ ᠪᠣᠯᠭᠠᠨ ᠳᠤ᠂ ᠸᠠᠩ ᠰᠠᠨ ᠰᠢ ᠴᠥᠮ ᠡᠯ᠎ᠡ ᠢᠯᠴᠢ ᠶᠢᠨ ᠢᠷᠡᠯᠲᠡ ᠶᠢᠨ ᠦᠷᠳᠡᠭᠡ ᠶᠢᠨ ᠢᠯᠴᠢ ᠬᠠᠩᠭᠠᠬᠤ ᠲᠠᠯᠠᠪᠠᠢ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠠᠬᠢᠴᠠ᠂ ︽ᠡᠪᠦᠯ ᠤᠨ ᠡᠪᠡᠳᠴᠢᠨ ᠢ ᠵᠤᠨ ᠵᠠᠰᠠᠬᠤ︾ ᠪᠠᠶᠢᠴᠠᠭᠠᠨ ᠰᠡᠯᠪᠢᠨ ᠵᠠᠰᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ᠂ ᠨᠡᠭᠦᠷᠡᠰᠦᠨ ᠤ ᠨᠥᠭᠡᠴᠡ ᠶᠢᠨ ᠬᠡᠮᠵᠢᠶ᠎ᠡ ᠵᠡᠷᠭᠡ ᠨᠠᠷᠢᠨ ᠵᠦᠢᠯᠡᠰ ᠤᠨ ᠠᠰᠠᠭᠤᠳᠠᠯ ᠢ ᠨᠠᠷᠢᠨ ᠯᠠᠪᠯᠠᠨ ᠠᠰᠠᠭᠤᠪᠠ᠃      ᠱᠠᠯᠠᠪᠳᠠᠭᠤᠯᠤᠨ ᠪᠠᠶᠢᠴᠠᠭᠠᠬᠤ ᠶᠠᠪᠤᠴᠠ ᠳᠤ᠂ ᠸᠠᠩ ᠰᠠᠨ ᠱᠢ᠂ ᠬᠠᠯᠠᠭᠤᠨ ᠳᠤᠯᠠᠭᠠᠨ ᠢᠨᠵᠧᠨᠧᠷᠢᠩ ᠨᠢ ᠲᠦᠭ ᠲᠦᠮᠡᠨ ᠠᠶᠢᠯ ᠡᠷᠦᠬᠡ᠂ ᠠᠷᠠᠳ ᠤᠯᠠᠨ ᠤ ᠬᠠᠯᠠᠭᠤᠨ ᠳᠤᠯᠠᠭᠠᠨ ᠡᠪᠦᠯᠵᠢᠬᠦ ᠲᠠᠢ ᠬᠤᠯᠪᠣᠭᠳᠠᠵᠤ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠳᠤᠯᠠᠭᠠᠯᠠᠭ᠎ᠠ ᠶᠢᠨ ᠤᠯᠠᠷᠢᠯ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨ ᠣᠯᠠᠨ ᠲᠦᠮᠡᠨ ᠤ ᠬᠠᠯᠠᠭᠤᠨ ᠳᠤᠯᠠᠭᠠᠨ ᠪᠠᠶᠢᠬᠤ ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠢᠯᠴᠢ ᠬᠠᠩᠭᠠᠬᠤ ᠠᠵᠤ ᠠᠬᠤᠶᠢᠯᠠᠯ ᠤᠨ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠠᠬᠢᠴᠠ ᠪᠠᠨ ᠲᠦᠷᠭᠡᠳᠬᠡᠨ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠰᠡᠭᠦᠯ ᠬᠤᠷᠢᠶᠠᠬᠤ ᠶᠢ ᠠᠬᠢᠭᠤᠯᠵᠤ᠂ ᠨᠡᠭᠦᠷᠡᠰᠦ ᠨᠥᠭᠡᠴᠡᠯᠡᠬᠦ᠂ ᠴᠠᠭ ᠲᠤᠬᠠᠶ ᠳᠤᠨᠢ ᠬᠢᠨᠠᠨ ᠬᠡᠮᠵᠢᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠢᠯᠴᠢ ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠢᠰᠲ᠋ᠧᠮ ᠵᠢᠴᠢ ᠬᠠᠮᠢᠶ᠎ᠠ ᠪᠥᠬᠦᠶ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠲᠦᠢᠯ ᠤᠨ ᠴᠠᠭ ᠠᠭᠤᠷ ᠭᠠᠷᠤᠭᠰᠠᠨ ᠵᠡᠷᠭᠡ ᠪᠠᠶᠢᠳᠠᠯ ᠢ ᠦᠨᠡᠨ ᠬᠦ ᠪᠠᠲᠤᠯᠠᠵᠤ᠂ ᠲᠤᠰᠬᠠᠯ ᠲᠦᠷᠭᠡᠨ᠂ ᠰᠢᠢᠳᠪᠦᠷᠢᠯᠡᠬᠦ ᠯᠠᠪᠳᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠢᠯᠴᠢ ᠬᠠᠩᠭᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠪᠦᠯ ᠤᠨ ᠤᠯᠠᠷᠢᠯ ᠤᠨ ᠢᠯᠴᠢ ᠬᠠᠩᠭᠠᠬᠤ ᠡᠨᠡ ᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号