ᠳᠣᠯᠣᠳᠡᠬᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ | ᠲᠠᠰᠢᠷᠠᠮ ᠢᠶᠠᠷ᠂ ᠰᠢ ᠶᠢᠨ ᠫᠢᠩ ᠪᠥᠬᠦ ᠤᠯᠤᠰ ᠤᠨ ᠥᠷᠭᠡᠨ ᠣᠯᠠᠨ ᠲᠠᠷᠢᠶᠠᠴᠢᠨ ᠪᠣᠯᠤᠨ ︽ᠬᠥᠳᠡᠭᠡ ᠠᠵᠤ ᠠᠬᠤᠶ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠲᠠᠬᠢ ᠨᠥᠬᠦᠳ ᠲᠤ ᠪᠠᠶᠠᠷ ᠤᠨ ᠡᠳᠦᠷ ᠤᠨ | ᠮᠡᠨᠳᠦᠴᠢᠯᠡᠯ ᠬᠦᠷᠭᠡᠵᠦ ᠴᠢᠩ ᠰᠡᠳᠭᠢᠯ ᠠᠴᠠ ᠪᠠᠨ ᠳᠤᠬᠤᠨᠢᠭᠤᠯᠪᠠ᠂ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ | ᠬᠦᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠵᠥ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠥ | ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠵᠥ ᠲᠠᠷᠢᠶᠠᠴᠢᠨ ᠲᠦᠮᠡᠨ ᠳᠤ ᠮᠡᠳᠡᠷᠡᠭᠳᠡᠬᠦᠢ ᠪᠤᠳᠠᠳᠠᠢ | ᠠᠰᠢᠭ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 21 ᠤ ᠴᠠᠬᠢᠯᠭᠠᠨ ᠮᠡᠳᠡᠭᠡ ᠳᠣᠯᠣᠳᠡᠬᠢ ︽ᠳᠤᠮᠳᠠᠳᠤ | ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠨᠠᠮ ᠤᠨ | ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠥᠬᠦ ᠤᠯᠤᠰ ᠤᠨ | ᠥᠷᠭᠡᠨ ᠣᠯᠠᠨ ᠲᠠᠷᠢᠶᠠᠴᠢᠨ ᠪᠣᠯᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠹᠷᠣᠨᠲ ᠲᠠᠬᠢ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ ᠴᠢᠩ ᠰᠡᠳᠭᠢᠯ ᠠᠴᠠ ᠪᠠᠨ | ᠳᠤᠬᠤᠨᠢᠭᠤᠯᠪᠠ᠃ | ᠰᠢ ᠶᠢᠨ ᠫᠢᠩ᠂ ᠡᠨᠡ ᠵᠢᠯ ᠪᠢᠳᠡ ᠨᠡᠯᠢᠶᠡᠳ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠵᠡᠷᠭᠡ ᠠᠰᠢᠭ ᠥᠬᠡᠶ | ᠨᠥᠯᠥᠭᠡ ᠶᠢ ᠢᠯᠡᠨ ᠳᠠᠪᠠᠵᠤ᠂ ᠵᠣᠨ ᠤ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠡᠷᠲᠡ ᠶᠢᠨ | ᠲᠣᠳᠣᠷᠭ᠎ᠠ ᠶᠢᠨ ᠤᠨᠠᠯᠲᠠ ᠶᠢ ᠲᠣᠭᠲᠠᠭᠤᠨ ᠪᠠᠶᠢᠯᠭᠠᠬᠤ ᠶᠢ ᠪᠡᠶᠡᠯᠡᠭᠦᠯᠵᠦ᠂ ᠪᠥᠬᠦ ᠵᠢᠯ ᠤᠨ ᠠᠮᠤ ᠪᠤᠳᠠᠭ᠎ᠠ ᠳᠠᠬᠢᠨᠲᠠ | ᠡᠯᠪᠡᠭ ᠬᠤᠷᠢᠶᠠᠯᠲᠠ ᠤᠯᠬᠤ ᠪᠣᠯᠤᠮᠵᠢ ᠲᠠᠢ ᠪᠤᠯᠵᠦ᠂ ᠠᠵᠤ ᠠᠬᠤᠶ ᠶᠢᠨ ᠰᠡᠷᠭᠦᠨ ᠳᠡᠭᠡᠭᠰᠢᠯᠡᠬᠦ ᠰᠠᠶᠢᠨ ᠪᠠᠶᠢᠳᠠᠯ ᠢ | ᠪᠠᠬᠢᠵᠢᠭᠦᠯᠦᠨ ᠴᠢᠩᠭᠠᠳᠬᠠᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ | ᠬᠠᠩᠭᠠᠪᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ | ᠲᠠᠷᠢᠶᠠᠯᠠᠩ ᠤᠨ ᠰᠠᠭᠤᠷᠢ ᠶᠢ ᠴᠥᠬᠦᠷᠡᠰᠢ ᠦᠭᠡᠢ ᠪᠠᠬᠢᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠨᠠᠮ ᠤᠨ ᠲᠥᠪ ᠬᠤᠷᠢᠶ᠎ᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ | ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ | ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠦᠳᠡᠭᠡ ᠠᠵᠤ | ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ | ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠴᠢᠨ ᠤᠯᠠᠨ ᠲᠦᠮᠡᠨ ᠳᠤ | ᠮᠡᠳᠡᠷᠡᠭᠳᠡᠬᠦᠢ ᠪᠤᠳᠠᠳᠠᠢ ᠠᠰᠢᠭ ᠬᠦᠷᠲᠡᠭᠡᠬᠦ ᠬᠡᠷᠡᠭᠲᠡᠢ᠃ ᠥᠷᠭᠡᠨ ᠤᠯᠠᠨ ᠲᠠᠷᠢᠶᠠᠴᠢᠨ ᠲᠦᠮᠡᠨ ᠪᠣᠯᠤᠨ ᠨᠡᠶᠢᠭᠡᠮ ᠤᠨ | ᠡᠯ᠎ᠡ ᠡᠲᠡᠭᠡᠳ ᠤᠨ ᠬᠢᠨ ᠢᠳᠡᠪᠬᠢᠲᠡᠢ ᠬᠥᠳᠡᠯᠦᠯᠴᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠬᠥᠳᠡᠭᠡ ᠲᠣᠰᠬᠤᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠰᠦᠪ ᠢ ᠪᠣᠳᠠᠲᠤ ᠠᠬᠤᠢ ᠪᠣᠯᠭᠠᠨ | ᠬᠤᠪᠢᠷᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ᠂ ᠬᠥᠳᠡᠭᠡ | ᠠᠵᠤ ᠠᠬᠤᠢ ᠶᠢᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠰᠠᠭᠤᠷᠢ ᠲᠠᠯᠪᠢᠬᠤ ᠶᠢ ᠬᠦᠰᠡᠵᠦ ᠪᠠᠶᠢᠨ᠎ᠠ | ᠭᠡᠵᠦ ᠴᠢᠬᠤᠯᠠᠴᠢᠯᠠᠪᠠ᠃ |