| | ᠥᠷᠭᠡᠨ ᠣᠯᠠᠨ ᠬᠤᠲᠠ ᠶᠢᠨ ᠠᠷᠠᠳ ᠲᠤ ᠠᠮᠤᠷ ᠲᠦᠪᠰᠢᠨ ᠡᠮᠬᠢ ᠵᠢᠷᠤᠮ ᠲᠠᠢ ᠰᠣᠶᠣᠯ ᠤᠨ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠶᠢᠨ ᠳᠣᠯᠠᠳᠠ᠂ 9 ᠰᠠᠷ᠎ᠠ ᠶᠢᠨ 29 ᠤ ᠡᠳᠦᠷ᠂ | ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ | ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠣᠶᠣᠯ ᠤᠨ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠵᠢᠴᠢ ᠦᠢᠯᠡᠳᠪᠦᠷᠢᠯᠡᠯ ᠤᠨ ᠠᠮᠤᠷ ᠲᠦᠪᠰᠢᠨ ᠤ ᠲᠤᠰᠬᠠᠶ | ᠪᠠᠶᠢᠴᠠᠭᠠᠯᠲᠠ ᠥᠷᠨᠢᠭᠦᠯᠪᠡ᠃ | | | | | | ᠲᠣᠰ ᠤᠳᠠᠭᠠᠨ ᠤ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠨᠢ ᠪᠥᠬᠦ ᠬᠤᠲᠠ ᠶᠢᠨ ᠬᠡᠪᠯᠡᠬᠦ ᠤᠶᠢᠯᠡᠳᠪᠦᠷᠢ᠂ | ᠨᠣᠮ ᠤᠨ ᠳᠡᠯᠭᠡᠭᠦᠷ᠂ ᠵᠠᠷ ᠮᠡᠳᠡᠭᠡᠨ ᠤ ᠺᠣᠮᠫᠠᠨᠢ᠂ ᠺᠢᠨᠣ᠋ ᠶᠢᠨ ᠣᠷᠳᠣᠨ ᠵᠡᠷᠭᠡ ᠲᠠᠯᠠᠪᠤᠷ ᠢ ᠬᠠᠮᠤᠷᠴᠤ᠂ | ᠲᠣᠭᠲᠠᠭᠠᠯ ᠠᠴᠠ ᠵᠥᠷᠢᠴᠡᠭᠰᠡᠨ ᠨᠣᠮ ᠪᠢᠴᠢᠭ ᠬᠤᠯᠠᠭᠠᠶᠢᠯᠠᠭᠰᠠᠨ ᠬᠤᠳᠠᠯᠳᠤᠬᠤ ᠦᠵᠡᠭᠳᠡᠯ ᠢ ᠭᠤᠤᠯᠳᠠᠯᠭ᠎ᠠ ᠲᠠᠢ | ᠵᠢᠭᠰᠠᠭᠠᠨ ᠪᠠᠶᠢᠴᠠᠭᠠᠬᠤ ᠵᠢᠴᠢ ᠺᠢᠨᠣ᠋ ᠶᠢᠨ ᠣᠷᠳᠣᠨ ᠳᠤ ᠮᠠᠭᠤ ᠬᠤᠤᠷ ᠬᠥᠨᠥᠭᠡᠯ ᠲᠠᠢ ᠮᠡᠳᠡᠭᠡ ᠵᠠᠩᠭᠢ ᠲᠠᠷᠬᠠᠭᠠᠬᠤ | ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠡᠭᠦᠨ ᠤ ᠬᠠᠮᠲᠤ᠂ ︽ᠱᠠᠯᠢᠭ ᠵᠠᠪᠬᠠᠶ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠳᠡᠪᠲᠡᠷ ᠢ | ᠲᠠᠷᠬᠠᠭᠠᠵᠤ᠂ ᠡᠵᠡᠩᠨᠡᠭᠴᠢᠳ ᠲᠤ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠲᠡᠳᠡᠨ ᠤ | ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠬᠠᠷᠢᠭᠤᠴᠠᠯᠭᠠᠲᠤ ᠦᠵᠡᠯ ᠤᠬᠠᠮᠰᠠᠷ ᠢ ᠳᠡᠭᠡᠭᠰᠢᠯᠡᠭᠦᠯᠵᠦ᠂ | ᠪᠣᠭᠤᠮᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠣᠶ | ᠪᠣᠯᠭᠠᠪᠠ᠃ | |