ᠤᠮᠠᠷᠠᠲᠤ ᠡᠭᠦᠳᠡ - ᠡᠷᠢᠶᠡᠨ ᠬᠤᠲᠠ ᠶᠢᠨ ᠬᠡᠷᠡᠯ ᠵᠢᠷᠤᠭ ᠤᠨ ᠤᠷᠠᠨ ᠪᠢᠴᠢᠯᠭᠡ ᠤᠷᠠᠨ ᠵᠢᠷᠤᠭ ᠤᠨ ᠬᠠᠮᠲᠤᠷᠠᠭᠰᠠᠨ ᠦᠵᠡᠰᠬᠦᠯᠡᠩ ᠡᠬᠢᠯᠡᠪᠡ
ᠨᠡᠶᠢᠲᠡᠯᠡᠭᠰᠡᠨ ᠴᠠᠭ᠄
2024/9/30
    9 ᠰᠠᠷ᠎ᠠ ᠶᠢᠨ 27 ᠤ ᠡᠳᠦᠷ᠂ ᠬᠤᠲᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠬᠥᠷ ᠬᠥᠭᠵᠢᠶᠡᠨ ᠢᠶᠠᠷ ᠪᠢᠯᠬᠠᠵᠤ᠂ ᠣᠢ ᠰᠠᠨᠠᠮᠵᠢ ᠶᠢᠨ ᠭᠡᠷᠡᠯ ᠵᠢᠷᠤᠭ᠂ ᠭᠤᠶᠢᠳᠠ ᠰᠠᠶᠢᠬᠠᠨ ᠤᠷᠠᠨ ᠵᠢᠷᠤᠭ ᠤᠳ᠂ ᠪᠡᠭᠡ ᠶᠢᠨ ᠦᠨᠦᠷ ᠬᠠᠩᠬᠤᠯᠤᠭᠰᠠᠨ ᠤᠷᠠᠨ ᠪᠢᠴᠢᠯᠭᠡ ᠶᠢᠨ ᠪᠦᠲᠦᠭᠡᠯ ᠤᠳ ᠮᠠᠰᠢ ᠣᠯᠠᠨ ᠬᠤᠲᠠ ᠶᠢᠨ ᠠᠷᠠᠳ ᠢᠷᠡᠵᠦ ᠲᠣᠭᠤᠷᠢᠨ ᠦᠵᠡᠪᠡ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠥᠷ ᠮᠣᠩᠭᠤᠯ ᠤᠨ ᠭᠡᠷᠡᠯ ᠵᠢᠷᠤᠭᠴᠢᠳ ᠤᠨ ᠨᠠᠶᠢᠬᠡᠮᠯᠢᠭ ᠠᠴᠠ ᠭᠤᠣᠯᠯᠠᠨ ᠡᠷᠬᠢᠯᠡᠭᠰᠡᠨ ︽ᠤᠮᠠᠷᠠᠲᠤ ᠬᠢᠯᠢ · ᠤᠮᠠᠷᠠᠲᠤ ᠡᠭᠦᠳᠡ︾ ᠡᠷᠢᠶᠡᠨ ᠬᠤᠲᠠ ᠶᠢᠨ ᠭᠡᠷᠡᠯ ᠵᠢᠷᠤᠭ᠂ ᠤᠷᠠᠨ ᠪᠢᠴᠢᠯᠭᠡ᠂ ᠤᠷᠠᠨ ᠵᠢᠷᠤᠭ ᠤᠨ ᠬᠠᠮᠲᠤᠷᠠᠭᠰᠠᠨ ᠦᠵᠡᠰᠭᠦᠯᠡᠩ ᠠᠳᠡ ᠡᠬᠢᠯᠡᠪᠡ᠃      ᠲᠣᠰ ᠤᠳᠠᠭᠠᠨ ᠤ ᠦᠵᠡᠰᠬᠦᠯᠡᠩ ᠳᠤ ᠮᠠᠰᠢ ᠣᠯᠠᠨ ᠬᠡᠷᠡᠯ ᠵᠢᠷᠤᠭᠴᠢᠨ᠂ ᠤᠷᠠᠨ ᠵᠢᠷᠤᠭᠴᠢᠨ᠂ ᠤᠷᠠᠨ ᠪᠢᠴᠢᠯᠭᠡᠲᠡᠨ ᠤ ᠰᠣᠳᠣᠨ ᠪᠦᠲᠦᠭᠡᠯ ᠢ ᠳᠡᠯᠭᠡᠨ ᠦᠵᠡᠭᠦᠯᠵᠦ᠂ ᠬᠡᠷᠡᠯ ᠵᠢᠷᠤᠭ ᠤᠨ ᠪᠦᠲᠦᠭᠡᠯ ᠢ ᠨᠡᠶᠢᠲᠡ 180 ᠭᠠᠷᠤᠶ ᠬᠤᠪᠢ᠂ ᠤᠷᠠᠨ ᠵᠢᠷᠤᠭ ᠤᠨ ᠪᠦᠲᠦᠭᠡᠯ᠂ ᠤᠷᠠᠨ ᠪᠢᠴᠢᠯᠭᠡ ᠶᠢᠨ ᠪᠦᠲᠦᠭᠡᠯ ᠢ 60 ᠭᠠᠷᠤᠶ ᠳᠡᠯᠭᠡᠨ ᠦᠵᠡᠭᠦᠯᠪᠡ᠃      ᠲᠤᠬᠠᠢ ᠶᠢᠨ ᠲᠠᠯᠠᠪᠠᠢ ᠳᠤ᠂ ᠤᠷᠠᠨ ᠨᠠᠷᠢᠯᠢᠭ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠪᠦᠲᠦᠭᠡᠯ ᠢ ᠳᠡᠯᠭᠡᠨ ᠦᠵᠡᠭᠦᠯᠬᠦ ᠲᠢᠩᠬᠢᠮ ᠳᠤ ᠡᠯᠭᠦᠪᠡ᠃ ᠰᠦᠷ ᠳᠠᠯᠠᠶᠢᠴᠠᠲᠠᠢ ᠠᠭᠤᠯᠠ ᠤᠰᠤᠨ ᠤ ᠵᠢᠷᠤᠭ ᠪᠠᠶᠢᠵᠤ᠂ ᠡᠬᠡ ᠤᠯᠤᠰ ᠤᠨ ᠰᠦᠷᠯᠢᠭ ᠰᠠᠶᠢᠬᠠᠨ ᠠᠭᠤᠯᠠ ᠤᠰᠤ ᠪᠣᠯᠤᠨ ᠠᠷᠠᠳ ᠲᠦᠮᠡᠨ ᠤ ᠣᠮᠤᠭ ᠲᠡᠭᠦᠯᠳᠡᠷ ᠬᠠᠶᠢᠷ᠎ᠠ ᠰᠡᠳᠬᠢᠯᠭᠡ ᠶᠢ ᠠᠭᠤᠯᠵᠤ ᠪᠠᠶᠢᠨ᠎ᠠ︔ ᠪᠠᠰᠠ ᠨᠠᠷᠢᠨ ᠨᠢᠮᠪᠠᠢ᠂ ᠪᠢᠴᠢᠯ ᠴᠡᠴᠡᠭ᠂ ᠰᠢᠪᠠᠭᠤᠨ ᠤ ᠵᠢᠷᠤᠭ ᠲᠠᠢ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠪᠡᠯᠭᠡᠳᠡᠵᠦ ᠪᠠᠶᠢᠨ᠎ᠠ᠃ ᠶᠠᠭᠠᠷᠠᠯᠲᠠᠶ ᠬᠤᠲᠠ ᠶᠢᠨ ᠵᠡᠭᠡᠯᠢ ᠭᠤᠳᠤᠮᠵᠢ ᠠᠴᠠ ᠨᠠᠮ ᠰᠡᠯᠡᠭᠦᠨ ᠲᠠᠯ᠎ᠠ ᠨᠤᠲᠤᠭ ᠤᠨ ᠭᠦᠨ ᠳᠤ᠂ ᠪᠣᠭᠤᠮᠲᠠ ᠶᠢᠨ ᠯᠤᠲᠤ ᠶᠡᠭᠡ ᠬᠤᠪᠢᠷᠠᠯᠲᠠ ᠪᠣᠯᠤᠨ ᠠᠷᠠᠳ ᠣᠯᠠᠨ ᠤ ᠵᠣᠯ ᠵᠢᠷᠭᠠᠯᠲᠤ ᠠᠮᠢᠳᠤᠷᠠᠯ ᠢ ᠬᠠᠷᠠᠭᠤᠯᠵᠤ ᠪᠠᠶᠢᠭ᠎ᠠ ᠶᠤᠮ᠃      ᠭᠡᠷᠡᠯ ᠵᠢᠷᠤᠭ ᠤᠨ ᠰᠣᠨᠢᠷᠬᠠᠭᠴᠢᠳ ᠾᠧ ᠡᠾᠦ᠋ᠢ ᠬᠡᠯᠡᠭᠰᠡᠨ ᠨᠢ᠄ ︽ᠡᠨᠡ ᠪᠣᠯ ᠤᠷᠠᠯᠢᠭ ᠤᠨ ᠬᠠᠷᠠᠭᠠᠨ ᠤ ᠦᠪᠡᠳᠡᠭᠰᠢ ᠳᠠᠶᠢᠯᠠᠯᠭ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠣᠶᠢᠯᠠᠭᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠰᠢᠩᠭᠡᠭᠡᠨ ᠠᠪᠬᠤ ᠣᠶᠤᠨ ᠰᠠᠨᠠᠭᠠᠨ ᠤ ᠠᠷᠢᠭᠤᠳᠬᠠᠯ ᠪᠣᠯᠤᠨ᠎ᠠ᠃ ᠬᠤᠶᠢᠰᠢᠳᠠ ᠶᠢᠨ ᠠᠵᠢᠯ ᠤᠨ ᠳᠤᠮᠳᠠ ᠪᠠᠨ ᠦᠷᠭᠦᠯᠵᠢᠯᠡᠨ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠪᠣᠷ ᠢᠶᠠᠷ ᠴᠢᠷᠮᠠᠶᠢᠨ ᠠᠵᠢᠯᠯᠠᠬᠤ ᠬᠡᠷᠡᠭᠲᠡᠶ︾ ᠭᠡᠵᠦ ᠬᠡᠯᠡᠪᠡ᠃      ᠲᠤᠰ ᠤᠳᠠᠭ᠎ᠠ ᠶᠢᠨ ︽ᠤᠮᠠᠷᠠᠲᠤ ᠬᠢᠯᠢ · ᠬᠤᠶᠢᠲᠤ ᠡᠭᠦᠳᠡ︾ ᠶᠢᠨ ᠦᠵᠡᠭᠦᠯᠭᠡ ᠪᠣᠯ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠮᠥᠨᠴᠦ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠪᠣᠳᠠᠲᠠᠢ ᠠᠵᠢᠯᠯᠠᠭ᠎ᠠ ᠪᠣᠯᠤᠨ᠎ᠠ᠃ ᠠᠵᠢᠯᠯᠠᠭ᠎ᠠ ᠨᠢ ᠭᠡᠷᠡᠯ ᠵᠢᠷᠤᠭ᠂ ᠤᠷᠠᠨ ᠪᠢᠴᠢᠯᠭᠡ᠂ ᠤᠷᠠᠨ ᠵᠢᠷᠤᠭ ᠭᠡᠬᠦ ᠡᠨᠡ ᠬᠦ ᠭᠤᠷᠪᠠᠨ ᠵᠦᠢᠯ ᠤᠨ ᠲᠦᠢᠯ ᠤᠨ ᠲᠠᠲᠠᠬᠤ ᠬᠦᠴᠦᠨ ᠲᠠᠢ ᠤᠷᠠᠯᠢᠭ ᠤᠨ ᠬᠡᠯᠪᠡᠷᠢ ᠪᠠᠷ ᠤᠮᠠᠷᠠᠲᠤ ᠬᠢᠯᠢ ᠶᠢᠨ ᠭᠠᠵᠠᠷ ᠣᠷᠣᠨ᠂ ᠢᠯᠠᠩᠭᠤᠶ᠎ᠠ ᠮᠠᠨ ᠤ ᠬᠤᠲᠠ ᠶᠢᠨ ᠪᠠᠶᠢᠭᠠᠯᠢ ᠶᠢᠨ ᠥᠩᠭᠡ ᠦᠵᠡᠮᠵᠢ᠂ ᠰᠣᠶᠣᠯ ᠢᠷᠭᠡᠨᠰᠢᠯ ᠤᠨ ᠵᠠᠩ ᠦᠢᠯᠡ᠂ ᠬᠤᠲᠠ ᠬᠥᠳᠡᠭᠡ ᠶᠢᠨ ᠬᠥᠭᠵᠢᠯᠲᠡ ᠵᠡᠷᠭᠡ ᠲᠠᠯ᠎ᠠ ᠶᠢᠨ ᠭᠤᠶᠢᠳᠠ ᠰᠠᠶᠢᠬᠠᠨ ᠪᠠᠶᠢᠳᠠᠯ ᠢ ᠭᠦᠨᠵᠡᠭᠡᠶ ᠠᠭᠤᠳᠠᠯᠤᠨ ᠢᠯᠡᠷᠡᠭᠦᠯᠵᠦ᠂ ᠮᠠᠨ ᠤ ᠬᠤᠲᠠ ᠶᠢᠨ ᠥᠪᠡᠷᠮᠢᠴᠡ ᠲᠠᠲᠠᠬᠤ ᠬᠦᠴᠦᠨ ᠪᠠ ᠰᠣᠶᠣᠯ ᠤᠨ ᠠᠭᠤᠯᠬᠤᠨ ᠢ ᠪᠥᠬᠦ ᠲᠠᠯ᠎ᠠ ᠪᠠᠷ᠂ ᠣᠯᠠᠨ ᠬᠠᠷᠠᠭᠠᠰᠤ᠂ ᠪᠣᠰᠤᠭ᠎ᠠ ᠴᠣᠭᠴᠠᠲᠤ ᠬᠡᠯᠪᠡᠷᠢ ᠪᠠᠷ ᠳᠡᠯᠭᠡᠨ ᠦᠵᠡᠭᠦᠯᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号