ᠣᠯᠠᠨ ᠰᠠᠯᠠᠭ᠎ᠠ ᠮᠥᠴᠢᠷ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠵᠢᠴᠢ ᠦᠢᠯᠡᠳᠪᠦᠷᠢᠯᠡᠯ ᠤᠨ ᠠᠶᠤᠯᠭᠦᠶ ᠶᠢᠨ ᠲᠤᠰᠬᠠᠶ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/9/30
     ᠥᠷᠭᠡᠨ ᠣᠯᠠᠨ ᠬᠤᠲᠠ ᠶᠢᠨ ᠠᠷᠠᠳ ᠲᠤ ᠠᠮᠤᠷ ᠲᠦᠪᠰᠢᠨ ᠡᠮᠬᠢ ᠵᠢᠷᠤᠮ ᠲᠠᠢ ᠰᠣᠶᠣᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠶᠢᠨ ᠳᠣᠯᠠᠳᠠ᠂ 9 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠵᠢᠴᠢ ᠦᠢᠯᠡᠳᠪᠦᠷᠢᠯᠡᠯ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃      ᠲᠣᠰ ᠤᠳᠠᠭᠠᠨ ᠤ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠨᠢ ᠪᠥᠬᠦ ᠬᠤᠲᠠ ᠶᠢᠨ ᠬᠡᠪᠯᠡᠬᠦ ᠤᠶᠢᠯᠡᠳᠪᠦᠷᠢ᠂ ᠨᠣᠮ ᠤᠨ ᠳᠡᠯᠭᠡᠭᠦᠷ᠂ ᠵᠠᠷ ᠮᠡᠳᠡᠭᠡᠨ ᠤ ᠺᠣᠮᠫᠠᠨᠢ᠂ ᠺᠢᠨᠣ᠋ ᠶᠢᠨ ᠣᠷᠳᠣᠨ ᠵᠡᠷᠭᠡ ᠲᠠᠯᠠᠪᠤᠷ ᠢ ᠬᠠᠮᠤᠷᠴᠤ᠂ ᠲᠣᠭᠲᠠᠭᠠᠯ ᠠᠴᠠ ᠵᠥᠷᠢᠴᠡᠭᠰᠡᠨ ᠨᠣᠮ ᠪᠢᠴᠢᠭ ᠬᠤᠯᠠᠭᠠᠶᠢᠯᠠᠭᠰᠠᠨ ᠬᠤᠳᠠᠯᠳᠤᠬᠤ ᠦᠵᠡᠭᠳᠡᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠵᠢᠴᠢ ᠺᠢᠨᠣ᠋ ᠶᠢᠨ ᠣᠷᠳᠣᠨ ᠳᠤ ᠮᠠᠭᠤ ᠬᠤᠤᠷ ᠬᠥᠨᠥᠭᠡᠯ ᠲᠠᠢ ᠮᠡᠳᠡᠭᠡ ᠵᠠᠩᠭᠢ ᠲᠠᠷᠬᠠᠭᠠᠬᠤ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠡᠭᠦᠨ ᠤ ᠬᠠᠮᠲᠤ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠳᠡᠪᠲᠡᠷ ᠢ ᠲᠠᠷᠬᠠᠭᠠᠵᠤ᠂ ᠡᠵᠡᠩᠨᠡᠭᠴᠢᠳ ᠲᠤ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠲᠡᠳᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠬᠠᠷᠢᠭᠤᠴᠠᠯᠭᠠᠲᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠪᠣᠭᠤᠮᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号