ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ ᠦᠯᠢᠭᠡᠷ ᠤᠳ
ᠨᠡᠶᠢᠲᠡᠯᠡᠭᠰᠡᠨ ᠴᠠᠭ᠄
2024/9/30
     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠥᠨᠳᠥᠷᠴᠡ ᠳᠤ ᠵᠣᠭᠰᠣᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡᠬᠦ ᠭᠤᠣᠯ ᠰᠢᠵᠢᠮ ᠤᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠲᠥᠯᠥᠪᠯᠡᠨ ᠪᠠᠶᠢᠷᠢᠯᠠᠭᠤᠯᠵᠤ᠂ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠲᠡᠦᠬᠡᠲᠦ ᠴᠢᠨᠠᠷᠲᠠᠢ ᠰᠢᠨ᠎ᠡ ᠠᠮᠵᠢᠯᠲᠠ ᠣᠯᠬᠤ ᠶᠢ ᠠᠬᠢᠭᠤᠯᠵᠠᠢ᠃ ᠰᠢᠨᠬᠤᠸᠠ ᠬᠤᠷᠢᠶ᠎ᠠ ︽ᠰᠤᠷᠤᠯᠴᠠᠯᠭ᠎ᠠ ᠶᠢᠨ ᠴᠠᠭ︾ ᠪᠣᠯᠣᠩ ᠢᠶᠠᠷ ᠢᠶᠠᠨ ᠵᠣᠬᠢᠶᠠᠯ ᠨᠡᠶᠢᠲᠡᠯᠡᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ ᠥᠯᠢᠭᠡᠷ ᠤᠳ ᠢ ᠡᠷᠭᠢᠴᠡᠭᠦᠯᠪᠡ᠃    ᠰᠤᠷᠤᠯᠴᠠᠯᠭ᠎ᠠ ᠶᠢᠨ ᠴᠠᠭ᠄ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠡᠭᠡᠶ᠎ᠡ    — ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ ᠦᠯᠢᠭᠡᠷ ᠤᠳ    ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠦᠮᠦᠰ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠬᠦᠰᠡᠯᠡᠩ ᠢᠶᠠᠨ ᠬᠠᠮᠲᠤ ᠪᠠᠷ ᠪᠡᠶᠡᠯᠡᠭᠦᠯᠦᠶ᠎ᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠦᠨᠳᠦᠰᠦᠲᠡᠨ ᠤ ᠪᠦᠯᠬᠦᠮᠳᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠴᠠᠰᠤᠲᠤ ᠶᠢᠨ ᠥᠨᠳᠦᠷᠯᠢᠭ ᠠᠴᠠ ᠲᠡᠭᠷᠢ ᠠᠭᠤᠯᠠ ᠶᠢᠨ ᠡᠮᠦᠨ᠎ᠡ ᠤᠮᠠᠷ᠎ᠠ ᠬᠦᠷᠲᠡᠯ᠎ᠡ᠂ ᠡᠬᠡ ᠤᠯᠤᠰ ᠤᠨ ᠤᠮᠠᠷᠠᠲᠤ ᠬᠢᠯᠢ ᠠᠴᠠ ᠪᠠᠷᠠᠭᠤᠨ ᠡᠮᠦᠨᠡᠲᠦ ᠶᠢᠨ ᠬᠢᠯᠢ ᠬᠢᠵᠠᠭᠠᠷ ᠬᠦᠷᠲᠡᠯ᠎ᠡ᠂ ᠶᠡᠷᠦᠩᠬᠡᠢ ᠱᠦᠵᠢ ᠤᠳᠠᠭ᠎ᠠ ᠳᠠᠷᠠᠭᠠᠯᠠᠨ ᠦᠨᠳᠦᠰᠦᠲᠡᠨ ᠤ ᠣᠷᠣᠨ ᠨᠤᠭᠤᠳ ᠲᠤ ᠬᠦᠷᠴᠦ ᠰᠢᠨᠵᠢᠯᠡᠨ ᠪᠠᠶᠢᠴᠠᠭᠠᠭᠰᠠᠨ ᠪᠠ ᠪᠠᠶᠢᠴᠠᠭᠠᠨ ᠰᠣᠳᠣᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠮᠠᠰᠢ ᠤᠯᠠᠨ ᠰᠠᠶᠢᠬᠠᠨ ᠦᠯᠢᠭᠡᠷ ᠢ ᠦᠯᠡᠳᠡᠭᠡᠵᠡᠢ᠃    ᠠᠨᠠᠷ ᠤᠨ ᠦᠷ᠎ᠡ ᠠᠳᠠᠯᠢ    2022 ᠣᠨ ᠤ 7 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠢ ᠰᠢᠨᠵᠢᠶᠠᠩ ᠢᠶᠠᠷ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠨᠢᠭᠡᠨ ᠤᠴᠢᠷ ᠬᠥᠮᠥᠰ ᠤᠨ ᠰᠡᠳᠬᠢᠯ ᠢ ᠬᠦᠳᠡᠯᠭᠡᠨ᠎ᠡ᠃ ᠶᠡᠷᠦᠩᠬᠡᠢ ᠱᠦᠵᠢ ᠪᠠᠭᠰᠢ ᠰᠤᠷᠤᠭᠴᠢᠳ ᠲᠤ᠂ ᠲᠣᠰᠬᠤᠨ ᠤ ᠠᠷᠠᠳ ᠲᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ︽ᠪᠢᠳᠡ ᠠᠨᠠᠷ ᠤᠨ ᠦᠷ᠎ᠡ ᠰᠢᠭ ᠪᠠᠶᠢᠬᠤ ᠬᠡᠷᠡᠭᠲᠡᠢ︾ ᠭᠡᠵᠦ ᠶᠠᠷᠢᠬᠤ ᠲᠠᠢ ᠵᠡᠷᠭᠡ ᠪᠠᠷ ᠲᠤᠬᠠᠢ ᠶᠢᠨ ᠲᠠᠯᠠᠪᠠᠢ ᠶᠢᠨ ᠮᠢᠩᠭ᠎ᠠ ᠲᠦᠮᠡᠨ ᠬᠦᠮᠦᠨ ᠳᠠᠭᠤᠨ ᠨᠢᠭᠡᠲᠡᠢ ᠪᠠᠷ᠄ ︽ᠪᠦᠯᠬᠦᠮᠳᠡᠵᠡᠭᠡᠶ᠎ᠡ︾ ᠭᠡᠵᠦ ᠬᠠᠩᠭᠢᠨᠠᠲᠠᠯ᠎ᠠ ᠬᠠᠷᠢᠭᠤᠯᠪᠠ᠃    ᠠᠨᠠᠷ ᠮᠢᠩᠭᠠᠨ ᠭᠡᠷ ᠨᠢᠭᠡ ᠪᠦᠷᠬᠦᠪᠴᠢ ᠲᠠᠢ᠂ ᠠᠨᠠᠷ ᠤᠨ ᠮᠢᠩᠭᠠᠨ ᠦᠷ᠎ᠡ ᠡᠭᠡᠭᠡ ᠠᠳᠠᠯᠢ᠃ ︽ᠠᠨᠠᠷ ᠤᠨ ᠦᠷ᠎ᠡ︾ ᠭᠡᠬᠦ ᠵᠦᠢᠷᠯᠡᠯ ᠪᠣᠯ ᠶᠡᠷᠦᠩᠬᠡᠢ ᠱᠦᠵᠢ ᠰᠢ ᠶᠢᠨ ᠫᠢᠩ 2014 ᠣᠨ ᠳᠤ ᠰᠢᠨᠵᠢᠶᠠᠩ ᠳᠤ ᠠᠵᠢᠯ ᠪᠠᠶᠢᠴᠠᠭᠠᠵᠤ ᠪᠠᠶᠢᠬᠤ ᠬᠤᠭᠤᠴᠠᠭᠠᠨ ᠳᠤ ᠪᠠᠨ ᠤᠶᠢᠭᠤᠷ ᠦᠨᠳᠦᠰᠦᠲᠡᠨ ᠤ ᠨᠢᠭᠡ ᠨᠤᠲᠤᠭ ᠤᠨ ᠬᠦᠮᠦᠨ ᠠᠴᠠ ᠰᠣᠨᠣᠰᠤᠭᠰᠠᠨ ᠦᠭᠡ ᠶᠤᠮ᠃ ᠠᠮᠢᠳᠤᠷᠠᠯ ᠠᠴᠠ ᠮᠡᠳᠡᠷᠡᠭᠰᠡᠨ ᠡᠨᠡᠬᠦ ᠪᠣᠷᠣᠭᠵᠢᠭᠤᠨ ᠲᠥᠷᠥᠭᠳᠡᠯ ᠨᠢ ᠶᠡᠷᠦᠩᠬᠡᠢ ᠱᠦᠵᠢ ᠶᠢᠨ ᠰᠡᠳᠬᠢᠯ ᠤᠨ ᠬᠥᠪᠴᠢ ᠶᠢ ᠭᠦᠨᠳᠡᠵᠡᠢ᠃    2014 ᠣᠨ ᠤ 5 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠬᠤᠶᠠᠳᠤᠭᠠᠷ ᠤᠳᠠᠭᠠᠨ ᠤ ᠲᠥᠪ ᠬᠤᠷᠢᠶᠠᠨ ᠤ ᠰᠢᠨᠵᠢᠶᠠᠩ ᠤᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ ᠦᠨᠳᠦᠰᠦᠲᠡᠨ ᠨᠦᠭᠦᠳ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠵᠤ᠂ ᠬᠠᠷᠢᠯᠴᠠᠨ ᠪᠠᠭ᠋ᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠠᠷᠢᠯᠴᠠᠨ ᠠᠭᠤᠰᠤᠯᠴᠠᠵᠤ ᠬᠠᠮᠲᠤᠷᠠᠯᠴᠠᠬᠤ᠂ ᠣᠯᠠᠨ ᠡᠰᠢᠲᠦ ᠨᠢᠭᠡ ᠴᠣᠭᠴᠠ ᠪᠣᠯ ᠠᠨᠠᠷ ᠤᠨ ᠦᠷ᠎ᠡ ᠶᠢᠨ ᠣᠨᠴᠠᠯᠢᠭ᠂ ᠮᠥᠨ ᠴᠦ ᠮᠠᠨ ᠤ ᠳᠤᠮᠳᠠᠳᠤ ᠶᠢᠨ ᠦᠨᠳᠦᠰᠦᠲᠡᠨ ᠤ ᠣᠨᠴᠠᠯᠢᠭ ᠶᠤᠮ᠃ ᠶᠡᠷᠦᠩᠬᠡᠢ ᠱᠦᠵᠢ ᠰᠢ ᠶᠢᠨ ᠫᠢᠩ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠲᠠᠢ ᠰᠠᠨᠠᠯ ᠪᠣᠳᠣᠯ ᠢᠶᠠᠨ ᠰᠣᠯᠢᠯᠴᠠᠬᠤ ᠳᠤ ᠪᠠᠨ ︽ᠠᠨᠠᠷ ᠤᠨ ᠦᠷ᠎ᠡ︾ ᠭᠡᠬᠦ ᠵᠦᠢᠷᠯᠡᠯ ᠢ ᠳᠠᠬᠢᠨ ᠳᠠᠪᠲᠠᠨ ᠳᠤᠷᠠᠳᠤᠭᠰᠠᠨ ᠪᠠᠶᠢᠳᠠᠭ᠃ ᠲᠤᠰ ᠵᠦᠢᠷᠯᠡᠯ ᠨᠢ ᠨᠢᠭᠡᠨᠲᠡ ᠬᠥᠮᠥᠰ ᠤᠨ ᠴᠢᠬᠢᠨ ᠳᠤ ᠭᠦᠨ᠎ᠡ ᠬᠠᠳᠠᠩᠰᠢᠭᠰᠠᠨ ︽ᠠᠯᠲᠠᠨ ᠪᠠᠳᠠᠭ︾ ᠤᠳ ᠤᠨ ᠨᠢᠭᠡᠨ ᠪᠣᠯᠵᠤ᠂ ᠠᠷᠠᠳ ᠣᠯᠠᠨ ᠤ ᠥᠷᠲᠡᠭ ᠤᠨ ᠦᠵᠡᠯᠲᠡ ᠳᠤ ᠨᠡᠪᠲᠡ ᠠᠭᠤᠰᠤᠭᠰᠠᠨ ᠪᠠᠶᠢᠨ᠎ᠠ᠃    ᠮᠥᠨ ᠬᠤᠶᠠᠳᠤᠭᠠᠷ ᠤᠳᠠᠭᠠᠨ ᠤ ᠲᠥᠪ ᠬᠤᠷᠢᠶᠠᠨ ᠤ ᠰᠢᠨᠵᠢᠶᠠᠩ ᠤᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ︾ ᠢ ᠲᠣᠳᠣᠷᠬᠠᠢ ᠳᠤᠷᠠᠳᠴᠠᠢ᠃    ᠡᠭᠦᠨ ᠠᠴᠠ ᠰᠡᠭᠦᠯᠡᠷ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠴᠢᠬᠤᠯᠠ ᠶᠡᠭᠡ ᠤᠤᠭᠠᠯ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠶᠢ ᠤᠯᠠᠨ ᠤᠳᠠᠭ᠎ᠠ ᠲᠣᠳᠣᠷᠬᠠᠶᠢᠯᠠᠨ ᠥᠭᠦᠯᠡᠪᠡ᠃ 2021 ᠣᠨ ᠳᠤ᠂ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠪᠣᠯᠭᠠᠬᠤ ᠳᠡᠭᠡᠳᠦ ᠬᠡᠮᠵᠢᠶᠡᠨ ᠳᠤ ᠲᠠᠯᠪᠢᠵᠤ᠂ ︽ᠠᠯᠢᠪᠠ ᠠᠵᠢᠯ ᠢ ᠬᠦᠲᠦᠯᠪᠦᠷᠢ ᠲᠡᠶᠢᠰᠢ ᠲᠥᠪᠯᠡᠷᠡᠭᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃    ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠮᠥᠨ᠃ ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠮᠥᠨ᠃    ︽ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ᠂ ᠣᠯᠠᠨ ᠢᠶᠠᠷ ᠢᠶᠠᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠠᠬ᠎ᠠ ᠳᠡᠭᠦᠦᠰ ᠢᠶᠠᠷ ᠢᠶᠠᠨ ᠬᠠᠷᠢᠯᠴᠠᠨ ᠬᠠᠪᠰᠤᠷᠤᠯᠴᠠᠪᠠᠯ ᠰᠠᠶ᠋ᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠬᠦᠰᠡᠯᠡᠩ ᠪᠡᠶᠡᠯᠡᠭᠳᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠰᠠᠶ᠋ᠢ ᠥᠨᠢᠳᠡ ᠪᠠᠳᠠᠷᠠᠨ ᠳᠡᠯᠭᠡᠷᠡᠵᠦ ᠴᠢᠳᠠᠨ᠎ᠠ︾ ᠬᠡᠮᠡᠨ ᠶᠡᠷᠦᠩᠬᠡᠢ ᠱᠦᠵᠢ ᠰᠢ ᠶᠢᠨ ᠫᠢᠩ ᠬᠡᠯᠡᠪᠡ᠃    ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ    ᠨᠡᠶᠢᠭᠡᠮ ᠲᠣᠭᠤᠷᠢᠭ ᠪᠣᠯ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠭᠡᠷ ᠪᠦᠯᠢ ᠮᠥᠨ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠳᠠᠭ᠃ ᠶᠡᠷᠦᠩᠬᠡᠢ ᠱᠦᠵᠢ ᠰᠢ ᠶᠢᠨ ᠫᠢᠩ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠨᠡᠶᠢᠭᠡᠮ ᠲᠣᠭᠤᠷᠢᠭ ᠲᠡᠶᠢᠰᠢ ᠭᠦᠨᠵᠡᠭᠡᠶᠢᠷᠡᠨ ᠠᠵᠢᠯᠯᠠᠬᠤ ᠶᠢ ᠲᠦᠢᠯ ᠢᠶᠠᠷ ᠬᠠᠯᠠᠮᠵᠢᠯᠠᠳᠠᠭ᠃    2023 ᠣᠨ ᠤ 12 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠭᠤᠸᠠᠩᠰᠢ ᠶᠢᠨ ᠨᠠᠨᠨᠢᠩ ᠬᠤᠳᠠ ᠶᠢᠨ ᠯᠢᠶᠠᠩᠴᠢᠩ ᠲᠣᠭᠤᠷᠢᠭ ᠤᠨ ᠫᠠᠨ ᠯᠦᠩ ᠨᠡᠶᠢᠭᠡᠮ ᠲᠣᠭᠤᠷᠢᠭ ᠲᠤ ᠬᠦᠷᠪᠡ᠃ ᠨᠡᠶᠢᠭᠡᠮ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ ᠪᠠᠷᠤᠭ 2.7 ᠲᠦᠮᠡ ᠪᠠᠶᠢᠵᠤ᠂ ᠨᠡᠶᠢᠲᠡ 10 ᠭᠠᠷᠤᠢ ᠦᠨᠳᠦᠰᠦᠲᠡᠨ ᠤ ᠠᠬᠠᠨ ᠳᠡᠭᠦᠦᠰ ᠠᠳᠡ ᠠᠮᠤᠷ ᠵᠢᠮᠤᠷ ᠠᠵᠤ ᠲᠥᠷᠥᠵᠦ᠂ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ ᠪᠠᠷᠤᠭ ᠠᠷᠪᠠᠨ ᠤ ᠭᠤᠷᠪᠠᠨ ᠬᠤᠪᠢ ᠶᠢ ᠨᠢ ᠡᠵᠡᠯᠡᠨ᠎ᠡ᠃    ᠦᠨᠳᠦᠰᠦᠲᠡᠨ ᠤ ᠬᠤᠪᠴᠠᠰᠤ ᠪᠠᠨ ᠡᠮᠦᠰᠦᠭᠰᠡᠨ ᠨᠡᠶᠢᠭᠡᠮ ᠲᠣᠭᠤᠷᠢᠭ ᠤᠨ ᠤᠯᠠᠨ ᠲᠦᠮᠡᠨ ᠨᠠᠶᠢᠷᠠᠯ ᠳᠠᠭᠤᠤ ᠪᠣᠯᠪᠠᠰᠤᠷᠠᠵᠤ ᠪᠠᠶᠢᠪᠠ᠃ ᠶᠡᠷᠦᠩᠬᠡᠢ ᠱᠦᠵᠢ ᠶᠢᠨ ᠬᠦᠷᠴᠦ ᠢᠷᠡᠭᠰᠡᠨ ᠢ ᠦᠵᠡᠭᠡᠳ᠂ ᠤᠯᠠᠨ ᠢᠶᠠᠷ ᠢᠶᠠᠨ ᠶᠡᠷᠦᠩᠬᠡᠢ ᠱᠦᠵᠢ ᠳᠤ ᠣᠷᠣᠨ ᠨᠤᠲᠤᠭ ᠤᠨ ᠣᠨᠴᠠᠯᠢᠭᠲᠤ ᠠᠷᠠᠳ ᠤᠨ ᠳᠠᠭᠤᠤ ︽ᠵᠣᠯ ᠵᠢᠷᠭᠠᠯ ᠬᠠᠩᠭᠢᠨᠠᠮ᠎ᠠ︾ ᠶᠢ ᠬᠠᠯᠠᠭᠤᠨ ᠢᠶᠠᠷ ᠳᠡᠪᠰᠢᠭᠦᠯᠪᠡ᠃    ︽ᠭᠤᠸᠠᠩᠰᠢ ᠳᠤ ᠬᠦᠷᠦᠮᠡᠭᠴᠡ ᠠᠭᠤᠯᠠᠨ ᠨᠤᠲᠤᠭ ᠤᠨ ᠳᠠᠭᠤᠤ ᠰᠠᠨᠠᠭᠠᠨ ᠳᠤ ᠣᠷᠣᠳᠠᠭ︾ ᠭᠡᠵᠦ ᠶᠠᠷᠢᠬᠤ ᠶᠢᠨ ᠵᠡᠷᠭᠡ ᠪᠠᠷ ᠶᠡᠷᠦᠩᠬᠡᠢ ᠱᠦᠵᠢ ᠤᠯᠠᠨ ᠳᠤ᠄ ︽ᠭᠤᠸᠠᠩᠰᠢ ᠶᠢᠨ ᠴᠥᠭᠡᠨ ᠲᠣᠭᠠᠲᠤ ᠦᠨᠳᠦᠰᠦᠲᠡᠨ ᠤ ᠠᠬᠠᠨ ᠡᠶᠡᠯᠰᠡᠭ ᠬᠠᠯᠠᠭᠤᠮᠰᠤᠭ ᠠᠪᠢᠶᠠᠰᠤᠯᠢᠭ︾ ᠭᠡᠵᠦ ᠳᠣᠲᠣᠨᠣᠰᠤᠭ ᠢᠶᠠᠷ ᠬᠡᠯᠡᠪᠡ᠃    ᠶᠡᠷᠦᠩᠬᠡᠢ ᠱᠦᠵᠢ᠄ ︽ᠭᠤᠸᠠᠩᠰᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠳᠤ ᠪᠠᠨ ᠦᠨᠳᠦᠰᠦᠨ ᠱᠠᠲᠤᠨ ᠤ ᠨᠡᠶᠢᠭᠡᠮ ᠲᠣᠭᠤᠷᠢᠭ ᠠᠴᠠ ᠡᠬᠢᠯᠡᠨ ᠠᠳᠬᠤᠵᠤ᠂ ᠨᠡᠶᠢᠭᠡᠮ ᠲᠣᠭᠤᠷᠢᠭ ᠤᠨ ᠯᠠᠪᠳᠠᠭᠤᠨ ᠪᠠᠲᠤᠲᠠᠢ ᠪᠦᠲᠦᠭᠡᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠪᠦᠲᠦᠮᠵᠢᠲᠡᠢ ᠦᠢᠯᠡᠴᠢᠯᠡᠭᠡ᠂ ᠨᠡᠶᠢᠭᠡᠮ ᠲᠣᠭᠤᠷᠢᠭ ᠤᠨ ᠪᠠᠶᠠᠯᠢᠭ ᠠᠵᠢᠯᠯᠠᠭ᠎ᠠ ᠪᠠᠷ ᠢᠶᠠᠨ ᠳᠠᠮᠵᠢᠭᠤᠯᠤᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠭᠡᠷ ᠤᠨ ᠬᠥᠮᠥᠨ ᠮᠡᠲᠦ ᠳᠣᠲᠣᠨᠣ ᠠᠭᠤᠷ ᠠᠮᠢᠰᠬᠤᠯ ᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠢ ᠨᠡᠩ ᠰᠠᠶᠢᠲᠤᠷ ᠬᠢᠬᠦ ᠬᠡᠷᠡᠭᠲᠡᠢ︾ ᠬᠡᠮᠡᠨ ᠵᠠᠬᠢᠪᠠ᠃    ᠨᠡᠶᠢᠭᠡᠮ ᠲᠣᠭᠤᠷᠢᠭ ᠠᠴᠠ ᠠᠶᠠᠷᠯᠠᠬᠤ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠤᠯᠠᠨ ᠳᠤ᠂ ᠭᠤᠸᠠᠩᠰᠢ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ ᠪᠠᠷ ᠬᠠᠮᠤᠭ ᠤᠨ ᠤᠯᠠᠨ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠨᠢᠭᠡ ᠲᠡᠭᠷᠢ ᠶᠢᠨ ᠳᠣᠣᠷ᠎ᠠ ᠨᠢᠭᠡ ᠬᠦᠷᠦᠰᠦᠨ᠎ᠡ ᠲᠠᠷᠢᠶᠠᠯᠠᠵᠤ᠂ ᠨᠢᠭᠡ ᠮᠥᠷᠡᠨ ᠠᠴᠠ ᠤᠮᠳᠠᠯᠠᠵᠤ᠂ ᠬᠠᠮᠲᠤ ᠶᠢᠨ ᠭᠡᠷ ᠣᠷᠣᠨ ᠢᠶᠠᠨ ᠪᠠᠶᠢᠭᠤᠯᠤᠵᠠᠭᠠᠶ᠎ᠠ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠬᠤ ᠦᠭᠡᠢ᠃ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠢᠯᠡᠭᠦᠬᠡᠨ ᠶᠠᠪᠤᠯᠴᠠᠵᠤ᠂ ᠤᠯᠠᠨ ᠢᠶᠠᠷ ᠢᠶᠠᠨ ᠬᠠᠷᠢᠯᠴᠠᠨ ᠬᠠᠪᠰᠤᠷᠤᠯᠴᠠᠵᠤ᠂ ᠳᠣᠲᠣᠨᠤ ᠶᠢᠨ ᠨᠠᠶᠢᠵᠠ ᠨᠠᠷ ᠪᠠ ᠡᠶ᠎ᠡ ᠨᠠᠶᠢᠷᠲᠠᠢ ᠬᠥᠷᠰᠢ ᠵᠡᠷᠭᠡᠯᠡᠳᠡᠭᠡ ᠪᠣᠯᠣᠯᠴᠠᠵᠤ᠂ ᠵᠣᠯ ᠵᠢᠷᠭᠠᠯᠲᠤ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠳᠣᠲᠣᠨᠣᠰᠤᠭ ᠢᠶᠠᠷ ᠬᠡᠯᠡᠪᠡ᠃    2024 ᠣᠨ ᠤ 6 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠨᠢᠩᠰᠢᠶᠠ ᠳᠤ ᠰᠢᠨᠵᠢᠯᠡᠨ ᠪᠠᠶᠢᠴᠠᠭᠠᠵᠤ᠂ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠢᠷᠭᠠᠢ ᠬᠤᠳᠠ ᠶᠢᠨ ᠶᠢᠨ ᠹᠧᠩ ᠲᠣᠭᠤᠷᠢᠭ ᠤᠨ ᠴᠠᠩ ᠴᠧᠩ ᠬᠤᠸᠠ ᠶᠤᠸᠠᠨ ᠨᠡᠶᠢᠭᠡᠮ ᠲᠣᠭᠤᠷᠢᠭ ᠲᠤ ᠬᠦᠷᠴᠡᠢ᠃ ᠬᠢᠲᠠᠳ᠂ ᠬᠤᠲᠣᠩ᠂ ᠮᠠᠨᠵᠤ᠂ ᠮᠣᠩᠭᠤᠯ᠂ ᠲᠥᠪᠡᠳ ᠵᠡᠷᠭᠡ ᠦᠨᠳᠦᠰᠦᠲᠡᠨ ᠨᠦᠭᠦᠳ ᠤᠨ ᠤᠯᠠᠨ ᠲᠦᠮᠡᠨ ᠲᠡᠨᠳᠡ ᠡᠶ᠎ᠡ ᠨᠠᠶᠢᠷᠲᠠᠢ ᠪᠠᠷ ᠬᠠᠮᠲᠤ ᠰᠠᠭᠤᠷᠢᠰᠢᠳᠠᠭ᠃    ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ᠂ ᠶᠡᠷᠦᠩᠬᠡᠢ ᠱᠦᠵᠢ ᠰᠠᠭᠤᠭᠠᠯᠢ ᠠᠷᠠᠳ ᠤᠨ ᠳᠤᠮᠳᠠ ᠬᠦᠷᠴᠦ ᠤᠯᠠᠨ ᠤ ᠠᠮᠤᠷ ᠢ ᠳᠣᠲᠣᠨᠣᠰᠤᠭ ᠢᠶᠠᠷ ᠠᠰᠠᠭᠤᠭᠰᠠᠨ ᠳᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠲᠦᠢᠯ ᠤᠨ ᠬᠦᠷ ᠬᠥᠭᠵᠢᠶᠡᠨ ᠲᠠᠢ ᠪᠣᠯᠣᠭᠰᠠᠨ ᠪᠠᠶᠢᠯ᠎ᠠ᠃    ︽ᠲᠠᠪᠢᠨ ᠵᠢᠷᠭᠤᠭᠠᠨ ᠦᠨᠳᠦᠰᠦᠲᠡᠨ ᠨᠢᠭᠲᠠᠷᠠᠨ ᠪᠦᠯᠬᠦᠮᠳᠡᠪᠡᠯ ᠳᠠᠷᠤᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠮᠥᠨ᠂ ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠂ ᠪᠢᠳᠡ ᠬᠠᠮᠲᠤ ᠪᠠᠷ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠲᠤ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠦᠶ᠎ᠡ︕︾ ᠭᠡᠵᠦ ᠶᠡᠷᠦᠩᠬᠡᠢ ᠱᠦᠵᠢ ᠬᠡᠯᠡᠪᠡ᠃    ᠨᠠᠮ ᠪᠠ ᠲᠦᠷᠦ ᠶᠢᠨ ᠲᠡᠦᠬᠡᠨ ᠳᠠᠬᠢ ᠠᠩᠬᠠᠳᠠᠭᠴᠢ    2021 ᠣᠨ ᠤ 7 ᠳ᠋ᠤᠭᠠᠷ ᠰᠠᠷ᠎ᠠ ᠳᠤ᠂ ᠲᠥᠪᠡᠳ ᠢ ᠨᠠᠶᠢᠷᠠᠮᠳᠠᠯ ᠢᠶᠠᠷ ᠴᠢᠯᠦᠭᠡᠯᠡᠭᠰᠡᠨ 70 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠲᠥᠪᠡᠳ ᠲᠤ ᠬᠦᠷᠴᠦ᠂ ᠲᠥᠪᠡᠳ ᠢ ᠨᠠᠶᠢᠷᠠᠮᠳᠠᠯ ᠢᠶᠠᠷ ᠴᠢᠯᠦᠭᠡᠯᠡᠭᠰᠡᠨ 70 ᠵᠢᠯ ᠤᠨ ᠤᠢ ᠳᠤ ᠪᠠᠶᠠᠷ ᠬᠦᠷᠭᠡᠨ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠣᠯᠭᠤᠭᠠᠨ ᠦᠵᠡᠵᠦ ᠲᠣᠬᠤᠨᠢᠭᠤᠯᠤᠭᠠᠳ ᠨᠠᠮ ᠤᠨ ᠲᠥᠪ ᠬᠤᠷᠢᠶᠠᠨ ᠤ ᠬᠠᠶᠢᠷ᠎ᠠ ᠬᠠᠯᠠᠮᠵᠢ ᠶᠢ ᠬᠦᠷᠭᠡᠪᠡ᠃    ᠶᠡᠷᠦᠩᠬᠡᠢ ᠱᠦᠵᠢ ᠰᠢ ᠶᠢᠨ ᠫᠢᠩ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠮᠤᠭ ᠤᠨ ᠴᠢᠩ ᠰᠡᠳᠬᠢᠯ ᠤᠨ ᠤᠭᠲᠤᠯᠭ᠎ᠠ ᠶᠢ ᠣᠯᠵᠠᠢ᠃ ᠲᠡᠷᠡ ᠪᠠᠷ᠄ ︽ᠴᠠᠰᠤᠲᠤ ᠶᠢᠨ ᠥᠨᠳᠦᠷᠯᠢᠭ ᠤᠨ ᠦᠵᠡᠰᠬᠦᠯᠡᠩᠲᠦ ᠰᠠᠶᠢᠬᠠᠨ ᠰᠦᠷ ᠵᠢᠪᠬᠤᠯᠠᠩᠲᠤ ᠴᠤᠭ ᠵᠢᠪᠬᠤᠭ᠎ᠠ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠰᠢᠨ᠎ᠡ ᠳᠦᠷᠰᠦ ᠪᠠᠶᠢᠳᠠᠯ ᠢ ᠨᠢᠳᠦ ᠪᠠᠷ ᠢᠶᠠᠨ ᠦᠵᠡᠭᠡᠳ ᠮᠠᠰᠢ ᠪᠠᠶᠠᠷᠲᠠᠢ ᠪᠠᠶᠢᠨ᠎ᠠ︕︾ ᠭᠡᠵᠦ ᠭᠦᠨ ᠰᠡᠳᠬᠢᠯᠭᠡ ᠲᠠᠢ ᠪᠠᠷ ᠬᠡᠯᠡᠪᠡ᠃    ᠯᠢᠨ ᡁᠢ ᠠᠴᠠ ᡀᠠᠰᠠ ᠬᠦᠷᠲᠡᠯ᠎ᠡ ︽ᠥᠯᠵᠡᠢ ᠬᠤᠲᠤᠭ ᠣᠷᠣᠰᠢᠲᠤᠭᠠᠢ︾ ᠭᠡᠬᠦ ᠪᠡᠯᠭᠡᠲᠦ ᠦᠭᠡ᠂ ᠳᠠᠭᠤᠯᠠᠨ ᠪᠥᠵᠢᠭᠯᠡᠭᠰᠡᠨ ᠦᠨᠳᠦᠰᠦᠲᠡᠨ ᠨᠦᠭᠦᠳ ᠤᠨ ᠤᠯᠠᠨ ᠲᠦᠮᠡᠨ᠂ ᠬᠠᠳᠠᠬ᠂ ᠷᠥᠪᠠ ᠬᠡᠩᠭᠡᠷᠭᠡ᠂ ᠴᠥᠮᠠ᠂ ᠨᠣᠬᠠᠢ ᠶᠢᠨ ᠬᠤᠰᠢᠭᠤ ᠶᠢᠨ ᠠᠷᠢᠬᠢ ᠵᠡᠷᠭᠡ ᠵᠠᠮ ᠲᠤᠷᠰᠢ ᠦᠷᠭᠦᠯᠵᠢᠯᠡᠵᠦ᠂ ᠵᠣᠯ ᠵᠢᠷᠭᠠᠯᠲᠤ ᠠᠮᠢᠳᠤᠷᠠᠯ ᠨᠢ ᠶᠠᠭ ᠯᠠ ᠠᠯᠲᠠᠨ ᠤᠷᠠᠯᠠᠭ ᠴᠡᠴᠡᠭ ᠰᠢᠭ ᠪᠠᠶᠢᠯ᠎ᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠣᠯᠤᠭᠰᠠᠨ ᠤ ᠬᠤᠪᠢ ᠪᠠᠷ ᠲᠥᠪᠡᠳ ᠲᠤ ᠬᠦᠷᠴᠦ ᠲᠥᠪᠡᠳ ᠢ ᠨᠠᠶᠢᠷᠠᠮᠳᠠᠯ ᠢᠶᠠᠷ ᠴᠢᠯᠦᠭᠡᠯᠡᠭᠰᠡᠨ ᠢ ᠪᠡᠯᠭᠡᠯᠡᠵᠦ ᠪᠠᠶᠢᠭ᠎ᠠ ᠨᠢ ᠨᠠᠮ ᠪᠠ ᠤᠯᠤᠰ ᠤᠨ ᠲᠡᠦᠬᠡᠨ ᠳᠡᠭᠡᠷ᠎ᠡ ᠠᠩᠬ᠎ᠠ ᠤᠳᠠᠭ᠎ᠠ ᠭᠠᠷᠴᠤ ᠪᠠᠶᠢᠭ᠎ᠠ ᠶᠠᠪᠤᠳᠠᠯ ᠮᠥᠨ᠂ ᠶᠡᠷᠦᠩᠬᠡᠢ ᠱᠦᠵᠢ ᠰᠢ ᠶᠢᠨ ᠫᠢᠩ᠄ ︽ᠨᠠᠮ ᠤᠨ ᠲᠥᠪ ᠬᠤᠷᠢᠶ᠎ᠠ ᠠᠴᠠ ᠲᠥᠪᠡᠳ ᠤᠨ ᠠᠵᠢᠯ ᠢ ᠳᠡᠮᠵᠢᠵᠦ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠠᠯᠠᠮᠵᠢᠯᠠᠵᠤ ᠪᠠᠶᠢᠬᠤ ᠪᠠᠨ ᠢᠯᠡᠳᠬᠡᠬᠦ ᠶᠢᠨ ᠲᠥᠯᠥᠭᠡ ᠶᠤᠮ︾ ᠭᠡᠵᠦ ᠴᠢᠬᠤᠯᠠᠴᠢᠯᠠᠪᠠ᠃    ᠪᠠ ᠬᠦᠸᠧ ᠵᠡᠭᠡᠯᠢ ᠳᠤ ᠶᠡᠷᠦᠩᠬᠡᠢ ᠱᠦᠵᠢ ᠰᠢ ᠶᠢᠨ ᠫᠢᠩ᠄ ︽ᠪᠢ 23 ᠵᠢᠯ ᠤᠨ ᠡᠮᠦᠨ᠎ᠡ ᠨᠢᠭᠡ ᠤᠳᠠᠭ᠎ᠠ ᠢᠷᠡᠵᠦ ᠥᠩᠭᠡᠷᠡᠵᠡᠢ᠂ ᠣᠳᠣ ᠬᠡᠴᠢᠨᠡᠨ ᠰᠠᠶᠢᠬᠠᠨ ᠪᠠᠶᠢᠭᠤᠯᠪᠠ︕ ᠪᠦᠬᠦ ᠤᠯᠤᠰ ᠤᠨ ᠡᠯ᠎ᠡ ᠭᠠᠵᠠᠷ ᠤᠨ ᠬᠥᠮᠥᠰ ᠴᠥᠮ ᠠᠳᠡ ᠢᠷᠡᠯᠴᠡᠨ᠂ ᠠᠵᠢᠯ ᠦᠢᠯᠡᠰ ᠡᠷᠭᠢᠯᠡᠵᠦ᠂ ᠬᠤᠷᠯᠤ ᠡᠷᠬᠢᠭᠦᠯᠵᠦ᠂ ᠵᠤᠭᠠᠴᠠᠨ ᠲᠣᠭᠤᠷᠢᠵᠤ ᠪᠠᠶᠢᠨ᠎ᠠ᠃ ᠮᠢᠩᠭᠠᠨ ᠣᠨ ᠤ ᠪᠠ ᠬᠦᠸᠧ ᠵᠡᠭᠡᠯᠢ ᠪᠣᠯ ᠮᠠᠨ ᠤ ᠡᠯ᠎ᠡ ᠦᠨᠳᠦᠰᠦᠲᠡᠨ ᠬᠠᠮᠲᠤ ᠪᠠᠷ ᠪᠠᠶᠢᠭᠤᠯᠤᠭᠰᠠᠨ ᠪᠠ ᠬᠦᠸᠧ ᠵᠡᠭᠡᠯᠢ ᠶᠤᠮ᠂ ᠦᠨᠳᠦᠰᠦᠲᠡᠨ ᠨᠦᠭᠦᠳ ᠠᠳᠡ ᠰᠣᠶᠣᠯ ᠢᠶᠠᠨ ᠰᠣᠯᠢᠯᠴᠠᠵᠤ ᠰᠣᠶᠤᠯ ᠢᠶᠠᠷ ᠶᠠᠪᠤᠯᠴᠠᠵᠤ ᠰᠣᠶᠣᠯ ᠢᠶᠠᠨ ᠠᠭᠤᠰᠤᠯᠴᠠᠭᠤᠯᠵᠤ ᠪᠠᠶᠢᠨ᠎ᠠ᠂ ᠮᠠᠨ ᠤ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠠᠳᠡ ᠪᠠᠶᠠᠷ ᠬᠥᠷ ᠲᠠᠢ ᠪᠠᠶᠢᠨ᠎ᠠ︾ ᠭᠡᠵᠦ ᠰᠡᠳᠬᠢᠯ ᠳᠣᠭᠳᠣᠯᠤᠨ ᠬᠡᠯᠡᠵᠡᠢ᠃    ᠶᠡᠷᠦᠩᠬᠡᠢ ᠱᠦᠵᠢ ᠵᠢᠭᠠᠨ ᠭᠠᠷᠭᠠᠬᠤ ᠳᠤ ᠪᠠᠨ᠂ ᠣᠳᠣᠬᠠᠨ ᠳᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠨᠢᠭᠡᠨᠲᠡ ᠡᠬᠢᠯᠡᠵᠦ᠂ ᠲᠥᠪᠡᠳ ᠤᠨ ᠬᠥᠭᠵᠢᠯᠲᠡ ᠴᠦ ᠲᠡᠦᠬᠡ ᠶᠢᠨ ᠰᠢᠨ᠎ᠡ ᠭᠠᠷᠤᠭ᠎ᠠ ᠳᠤ ᠪᠠᠨ ᠭᠠᠷᠪᠠ᠂ ᠳᠤᠮᠳᠠᠳᠤ ᠤᠯᠤᠰ ᠤᠨ ᠡᠪ ᠬᠠᠮᠲᠤ ᠨᠠᠮ ᠢ ᠲᠠᠭᠠᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠵᠠᠮᠨᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠳᠠᠭ ᠯᠠ ᠶᠤᠮ ᠪᠣᠯ ᠪᠢᠳᠡ ᠯᠠᠪᠲᠠᠶᠢᠶ᠎ᠠ ᠲᠣᠭᠲᠠᠭᠰᠠᠨ ᠬᠤᠭᠤᠴᠠᠭᠠᠨ ᠳᠤ ᠪᠠᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯᠡᠩ ᠢᠶᠠᠨ ᠪᠡᠶᠡᠯᠡᠭᠦᠯᠵᠦ ᠴᠢᠳᠠᠨ᠎ᠠ ᠭᠡᠪᠡ᠃    ᠬᠥᠮᠥᠨ ᠤ ᠰᠡᠳᠬᠢᠯ ᠢ ᠳᠣᠭᠳᠣᠯᠤᠭᠤᠯᠤᠮ᠎ᠠ ᠠᠭᠤᠤ ᠶᠡᠭᠡ ᠲᠣᠣᠯᠢ    2019 ᠣᠨ ᠤ 7 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠢᠶᠠᠷ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ ᠪᠠᠨ ᠤᠯᠠᠭᠠᠨᠬᠠᠳᠠ ᠶᠢᠨ ᠮᠦᠽᠧᠢ ᠳᠤ ᠡᠷᠲᠡᠨ ᠤ ᠰᠣᠩᠭᠤᠳᠠᠭ ᠪᠦᠲᠦᠭᠡᠯ ᠦᠨᠳᠦᠰᠦᠲᠡᠨ ᠤ ᠲᠤᠤᠯᠢ ︽ᠭᠡᠰᠡᠷ︾ ᠬᠠᠶᠢᠯᠬᠤ ᠶᠢ ᠰᠣᠨᠣᠰᠤᠨ ᠰᠣᠨᠢᠷᠬᠠᠵᠤ᠂ ︽ᠭᠡᠰᠡᠷ︾ ᠲᠤᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠨᠠᠷ ᠲᠠᠢ ᠳᠣᠲᠣᠨᠣ ᠪᠠᠷ ᠶᠠᠷᠢᠯᠴᠠᠪᠠ᠃    ᠲᠤᠬᠠᠢ ᠶᠢᠨ ᠦᠶ᠎ᠡ ᠳᠤ ᠪᠠᠭᠠᠷᠢᠨ ᠪᠠᠷᠠᠭᠤᠨ ᠬᠤᠰᠢᠭᠤᠨ ᠤ 9 ᠬᠥᠮᠥᠨ ᠢᠶᠠᠷ ᠪᠦᠷᠢᠯᠳᠦᠭᠰᠡᠨ ᠲᠣᠣᠯᠢ ᠬᠠᠶᠢᠯᠬᠤ ᠬᠠᠮᠲᠤᠯᠢᠭ ︽ᠭᠡᠰᠡᠷ︾ ᠲᠤᠤᠯᠢ ᠪᠠᠨ ᠬᠠᠶᠢᠯᠪᠠ᠂ ᠬᠠᠮᠤᠭ ᠪᠠᠭ᠎ᠠ ᠨᠢ 11 ᠨᠠᠰᠤᠲᠠᠢ᠂ ᠬᠠᠮᠤᠭ ᠶᠡᠭᠡ ᠨᠢ 86 ᠨᠠᠰᠤᠲᠠᠢ᠃ ᠠᠬᠠᠮᠠᠳ ᠢᠳᠡᠷ ᠵᠠᠯᠠᠭᠤ ᠪᠠᠭᠠᠴᠤᠳ ᠢᠶᠠᠷ ᠪᠦᠷᠢᠯᠳᠦᠭᠰᠡᠨ ᠡᠨᠡ ᠬᠠᠮᠲᠤᠯᠢᠭ ᠨᠢ ᠡᠨᠡ ᠬᠦ ᠠᠭᠤᠤ ᠶᠡᠭᠡ ᠲᠤᠤᠯᠢ ᠦᠶ᠎ᠡ ᠶᠢᠨ ᠦᠶ᠎ᠡ ᠳᠤ ᠤᠯᠠᠮᠵᠢᠯᠠᠭᠳᠠᠭᠰᠠᠨ ᠤ ᠨᠢᠭᠡᠨ ᠬᠤᠷᠢᠶᠠᠩᠭᠤᠢ ᠳᠦᠷᠰᠦ ᠪᠣᠯᠬᠤ ᠶᠤᠮ᠃    ᠶᠡᠷᠦᠩᠬᠡᠢ ᠱᠦᠵᠢ ᠰᠢ ᠶᠢᠨ ᠫᠢᠩ ᠵᠢᠭᠠᠨ ᠭᠠᠷᠭᠠᠬᠤ ᠳᠤ ᠪᠠᠨ᠂ ᠲᠠ ᠨᠠᠷ ᠤᠨ ᠬᠠᠶᠢᠯᠤᠭᠰᠠᠨ ᠲᠣᠣᠯᠢ ᠴᠢᠨᠢ ᠪᠢᠳᠡᠨ ᠳᠤ ᠭᠦᠨ ᠵᠤᠵᠠᠭᠠᠨ ᠲᠡᠦᠬᠡ ᠰᠣᠶᠣᠯ ᠢ ᠮᠡᠳᠡᠷᠡᠭᠦᠯᠪᠡ᠃ 56 ᠦᠨᠳᠦᠰᠦᠲᠡᠨ ᠲᠠᠰᠤᠷᠠᠯᠲᠠ ᠦᠭᠡᠢ ᠰᠣᠯᠢᠯᠴᠠᠵᠤ ᠶᠠᠪᠤᠯᠴᠠᠵᠤ ᠠᠭᠤᠰᠤᠯᠴᠠᠵᠤ᠂ ᠤᠯᠠᠨ ᠡᠰᠢᠲᠦ ᠨᠢᠭᠡᠳᠦᠭᠰᠡᠨ ᠳᠤᠮᠳᠠᠳᠤ ᠶᠢᠨ ᠦᠨᠳᠦᠰᠦᠲᠡᠨ ᠢ ᠪᠦᠷᠢᠯᠳᠦᠭᠦᠯᠪᠡ᠃ ᠮᠠᠨ ᠤ ᠳᠤᠮᠳᠠᠳᠤ ᠶᠢᠨ ᠪᠣᠯᠪᠠᠰᠤᠨ ᠪᠣᠯ ᠥᠨᠢ ᠤᠳᠠᠭᠠᠨ ᠲᠡᠦᠬᠡ ᠲᠠᠢ᠂ ᠳᠡᠯᠡᠬᠡᠢ ᠳᠡᠭᠡᠷᠡᠬᠢ ᠴᠤᠷ ᠤᠨ ᠭᠠᠭᠴᠠ ᠲᠠᠰᠤᠯᠳᠠᠭᠤᠯᠤᠯ ᠦᠭᠡᠢ᠂ ᠡᠳᠦᠭᠡ ᠳᠤ ᠬᠦᠷᠲᠡᠯ᠎ᠡ ᠬᠥᠭᠵᠢᠭᠰᠡᠭᠡᠷ ᠢᠷᠡᠭᠰᠡᠨ ᠪᠣᠯᠪᠠᠰᠤᠨ ᠮᠥᠨ᠂ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠬᠤᠯᠠᠴᠢᠯᠠᠬᠤ ᠬᠡᠷᠡᠭᠲᠡᠢ ᠭᠡᠯ᠎ᠡ᠃    ︽ᠭᠡᠰᠡᠷ︾ ︽ᠵᠢᠩᠭᠠᠷ︾ ︽ᠮᠠᠨᠠᠰ︾ ᠡᠨᠡ ᠭᠤᠷᠪᠠᠨ ᠲᠤᠤᠯᠢ ᠨᠢ ᠴᠥᠮ ᠨᠢᠭᠡᠳᠦᠭᠡᠷ ᠪᠦᠯᠦᠭ ᠤᠨ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠳᠤᠮᠳᠠᠳᠤ ᠶᠢᠨ ᠦᠨᠳᠦᠰᠦᠲᠡᠨ ᠤ ᠬᠤᠪᠣᠷ ᠨᠠᠨᠳᠢᠨ ᠰᠣᠶᠣᠯ ᠤᠨ ᠥᠪ ᠪᠣᠯᠬᠤ ᠶᠤᠮ᠃    ᠶᠡᠷᠦᠩᠬᠡᠢ ᠱᠦᠵᠢ ᠰᠢ ᠶᠢᠨ ᠫᠢᠩ ᠦᠨᠳᠦᠰᠦᠲᠡᠨ ᠤ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠢᠮᠠᠭᠲᠠ ᠰᠠᠨᠠᠭᠠᠰᠢᠷᠠᠭᠰᠠᠭᠠᠷ ᠢᠷᠡᠵᠠᠢ᠃ ᠲᠡᠷᠡ ᠪᠠᠷ ᠡᠨᠡ ᠭᠤᠷᠪᠠᠨ ᠲᠤᠤᠯᠢ ᠶᠢ ︽ᠬᠥᠮᠥᠨ ᠤ ᠰᠡᠳᠬᠢᠯ ᠢ ᠳᠣᠭᠳᠣᠯᠤᠭᠤᠯᠤᠮ᠎ᠠ ᠠᠭᠤᠤ ᠶᠡᠭᠡ ᠲᠤᠤᠯᠢ︾ ᠬᠡᠮᠡᠨ ᠤᠯᠠᠨ ᠲᠠᠯᠠᠪᠤᠷ ᠲᠤ ᠲᠠᠬᠢᠨ ᠳᠠᠪᠲᠠᠨ ᠳᠤᠷᠠᠳᠴᠤ ᠥᠩᠭᠡᠷᠡᠭᠰᠡᠨ ᠶᠤᠮ᠃    ᠮᠠᠷᠲᠠᠭᠳᠠᠰᠢ ᠦᠭᠡᠢ ᠪᠠᠶᠢᠭ᠎ᠠ ᠶᠢᠨ ᠤᠴᠢᠷ ᠨᠢ ᠶᠡᠷᠦᠩᠬᠡᠢ ᠱᠦᠵᠢ ᠰᠢ ᠶᠢᠨ ᠫᠢᠩ ᠤᠨ ᠠᠯᠤᠰ ᠬᠤᠯᠠ ᠶᠢᠨ ᠭᠦᠨᠵᠡᠭᠡᠢ ᠪᠣᠳᠣᠯᠬᠢᠯᠠᠯ ᠠᠴᠠ ᠪᠣᠯᠤᠭᠰᠠᠨ ᠶᠤᠮ᠃    ︽ᠮᠠᠨ ᠤ ᠭᠡᠷᠡᠯ ᠰᠠᠴᠤᠷᠠᠩᠭᠤᠢ ᠰᠣᠶᠣᠯ ᠢ ᠪᠣᠯ ᠦᠨᠳᠦᠰᠦᠲᠡᠨ ᠨᠦᠭᠦᠳ ᠬᠠᠮᠲᠤ ᠪᠠᠷ ᠡᠭᠦᠳᠦᠨ ᠪᠦᠲᠦᠭᠡᠭᠰᠡᠨ ᠶᠤᠮ᠂ ᠳᠤᠮᠳᠠᠳᠤ ᠶᠢᠨ ᠰᠣᠶᠣᠯ ᠪᠣᠯ ᠦᠨᠳᠦᠰᠦᠲᠡᠨ ᠨᠦᠭᠦᠳ ᠤᠨ ᠰᠣᠶᠣᠯ ᠤᠨ ᠶᠡᠭᠡ ᠴᠣᠮᠣᠷᠯᠢᠭ ᠮᠥᠨ᠃︾ 2019 ᠣᠨ ᠤ 9 ᠳ᠋ᠦ᠋ᠭᠡᠷ ᠰᠠᠷ᠎ᠠ ᠳᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠭᠤᠷᠪᠠᠨ ᠲᠤᠤᠯᠢ ᠪᠠᠷ ᠵᠢᠱᠢᠶ᠎ᠡ ᠪᠣᠯᠭᠠᠨ᠂ ᠦᠨᠳᠦᠰᠦᠲᠡᠨ ᠨᠦᠭᠦᠳ ᠤᠨ ᠰᠣᠶᠣᠯ ᠬᠠᠷᠢᠯᠴᠠᠨ ᠥᠩᠭᠡ ᠭᠡᠷᠡᠯ ᠨᠡᠮᠡᠷᠢᠯᠡᠵᠦ᠂ ᠳᠤᠮᠳᠠᠳᠤ ᠶᠢᠨ ᠰᠣᠶᠣᠯ ᠶᠠᠪᠤᠬᠤ ᠲᠤᠲᠤᠮ ᠰᠢᠨᠡᠳᠴᠦ ᠪᠠᠶᠢᠨ᠎ᠠ᠂ ᠡᠨᠡ ᠪᠣᠯ ᠮᠠᠨ ᠤ ᠥᠨᠥᠳᠥᠷ ᠤᠨ ᠬᠦᠴᠦᠷᠬᠡᠭ ᠶᠡᠭᠡ ᠰᠣᠶᠣᠯ ᠤᠨ ᠢᠲᠡᠭᠡᠯ ᠤᠨ ᠦᠨᠳᠦᠰᠦ ᠰᠤᠷᠪᠤᠯᠵᠢ ᠮᠥᠨ ᠭᠡᠵᠦ ᠴᠢᠬᠤᠯᠠᠴᠢᠯᠠᠪᠠ᠃    ᠰᠣᠶᠣᠯ ᠪᠣᠯ ᠨᠢᠭᠡ ᠦᠨᠳᠦᠰᠦᠲᠡᠨ ᠤ ᠰᠦᠭ ᠰᠦᠨᠡᠰᠦ ᠮᠥᠨ᠂ ᠰᠣᠶᠣᠯ ᠤᠨ ᠲᠠᠨᠢᠨ ᠮᠡᠳᠡᠷᠡᠬᠦᠢ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠰᠤᠷᠪᠤᠯᠵᠢ ᠮᠥᠨ᠃ ᠰᠣᠶᠣᠯ ᠤᠨ ᠦᠨᠳᠦᠰᠦ ᠰᠤᠷᠪᠤᠯᠵᠢ ᠶᠢ ᠪᠠᠲᠤ ᠰᠠᠬᠢᠬᠤ ᠪᠣᠯ ᠳᠠᠷᠤᠢ ᠦᠨᠳᠦᠰᠦᠲᠡᠨ ᠤ ᠰᠦᠭ ᠰᠦᠨᠡᠰᠦ ᠶᠢ ᠪᠠᠲᠤ ᠰᠠᠬᠢᠵᠤ ᠪᠠᠶᠢᠭ᠎ᠠ ᠶᠠᠪᠤᠳᠠᠯ ᠮᠥᠨ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号