ᠤᠷᠴᠢᠭᠤᠯᠤᠠᠠᠴᠢ᠄ ᠪᠦᠷᠢᠩᠭᠤᠸ᠎ᠠ | | ᠤᠳᠤᠷᠢᠳᠬᠠᠯ᠄ | ᠰᠤᠷᠪᠤᠯᠵᠢᠯᠠᠭᠴᠢ ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠥᠷᠲᠡᠭᠡ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠸ 8 ᠰᠠᠷ᠎ᠠ ᠳᠤ ᠡᠷᠢᠶᠡᠨ ᠪᠣᠭᠤᠮᠲᠠ ᠶᠢᠨ | ᠬᠢᠯᠢ ᠪᠠᠷ ᠦᠩᠭᠡᠷᠡᠭᠰᠡᠨ ᠵᠠᠮ ᠲᠡᠭᠡᠭᠡᠪᠦᠷᠢ ᠶᠢᠨ ᠪᠠᠭᠠᠵᠢ 43.3 ᠲᠦᠮᠡᠨ ᠴᠤᠪᠤᠭ᠎ᠠ ᠤᠳᠠᠭ᠎ᠠ ᠳᠤ ᠬᠦᠷᠴᠦ ᠂ | ᠠᠳᠠᠯᠢ ᠬᠤᠭᠤᠴᠠᠭᠠᠨ ᠤ ᠬᠢ ᠠᠴᠠ 1.94 ᠳᠠᠬᠢᠨ ᠨᠡᠮᠡᠭᠳᠡᠭᠰᠡᠨ ᠪᠠᠶᠢᠨ᠎ᠠ᠃ | ᠲᠠᠶᠢᠯᠪᠦᠷᠢ᠄ | ᠡᠨᠡ ᠵᠢᠯ ᠠᠴᠠ ᠨᠠᠭᠠᠰᠢ᠂ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠡᠳ᠋ ᠪᠣᠳᠠᠰ᠂ ᠡᠳᠦᠷ ᠲᠤᠲᠤᠮ ᠤᠨ | ᠬᠡᠷᠡᠭᠯᠡᠭᠡᠨ ᠤ ᠪᠦᠷᠢᠨ ᠪᠠᠷᠠᠭ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠶᠡᠭᠡ ᠬᠡᠮᠵᠢᠶᠡᠨ ᠤ ᠠᠭᠤᠷᠬᠠᠢ ᠶᠢᠨ | ᠭᠠᠷᠤᠯᠲᠠ᠂ ᠲᠣᠮᠣ ᠬᠡᠯᠪᠡᠷᠢ ᠶᠢᠨ ᠪᠠᠷᠢᠯᠭ᠎ᠠ ᠶᠢᠨ ᠮᠠᠰᠢᠨ ᠵᠡᠷᠭᠡ ᠲᠡᠭᠡᠭᠡᠪᠦᠷᠢ ᠶᠢᠨ ᠲᠡᠷᠭᠡ ᠬᠥᠰᠬᠡ᠂ ᠡᠷᠢᠶᠡᠨ ᠵᠠᠰᠠᠮᠠᠯ | ᠵᠠᠮ ᠤᠨ ᠪᠣᠭᠤᠮᠲᠠ ᠪᠣᠯᠣᠨ ᠮᠣᠩᠭᠤᠯ ᠤᠯᠤᠰ ᠤᠨ ᠵᠠᠮ ᠤᠨ ᠡᠭᠦᠳᠡ ᠪᠣᠭᠤᠮᠲᠠ ᠶᠢᠨ ᠬᠤᠭᠤᠷᠣᠨᠳᠤ ᠨᠠᠰᠢ ᠴᠠᠰᠢ | ᠰᠦᠯᠵᠢᠯᠳᠦᠵᠦ ᠪᠠᠶᠢᠬᠤ ᠨᠢ ᠤᠯᠠᠨ ᠤᠯᠤᠰ ᠤᠨ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ | ᠪᠠᠶᠢᠬᠤ ᠶᠢ ᠪᠠᠲᠤᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠢᠭᠤᠷᠬᠠᠢ ᠨᠡᠪᠲᠡᠷᠡᠭᠦᠯᠬᠦ | ᠂ ᠬᠠᠮᠲᠤᠪᠠᠷ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ᠂ ᠬᠤᠶᠠᠷ ᠤᠯᠤᠰ ᠤᠨ | ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠶᠢ ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠡᠢ᠃ | ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠨᠡᠮᠡᠭᠳᠡᠵᠦ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠭᠤᠮᠲᠠ ᠶᠢᠨ ᠬᠤᠯᠪᠤᠭᠠᠯᠠᠨ ᠪᠠᠶᠢᠴᠠᠭᠠᠵᠤ | ᠬᠤᠯᠪᠤᠭᠠᠯᠠᠨ ᠲᠡᠭᠡᠭᠡᠪᠦᠷᠢᠯᠡᠬᠦ ᠰᠠᠯᠠᠭ᠎ᠠ ᠮᠥᠴᠢᠷ ᠬᠢᠨ ᠲᠠᠢ ᠣᠶᠤᠨᠲᠤ ᠪᠣᠭᠤᠮᠲᠠ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ︽ᠲᠠᠷᠢᠶᠠᠯᠠᠩ ᠳᠤ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ | ᠰᠢᠭᠤᠷᠬᠠᠢ ᠨᠡᠪᠲᠡᠷᠡᠬᠦ ᠵᠠᠮ︾᠂ ︽ᠲᠠᠸᠠᠷ ᠤᠨ ᠲᠡᠷᠭᠡ ᠶᠢᠨ ᠲᠤᠰᠬᠠᠢ ᠨᠡᠪᠲᠡᠷᠡᠬᠦ ᠵᠠᠮ︾ ᠵᠡᠷᠭᠡ ᠪᠣᠭᠤᠮᠲᠠ ᠪᠠᠷ | ᠥᠩᠭᠡᠷᠡᠬᠦ ᠳᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠭᠰᠡᠨ ᠤ ᠬᠠᠮᠲᠤ ᠵᠠᠰᠠᠮᠠᠯ ᠵᠠᠮ ᠤᠨ | ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠤᠨ 6 ᠰᠠᠷ᠎ᠠ ᠶᠢᠨ ᠬᠤᠭᠤᠴᠠᠭ᠎ᠠ ᠲᠠᠢ 24 ᠴᠠᠭ ᠤᠨ ᠪᠠᠷᠠᠭᠠᠨ ᠤ | ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠣᠭᠤᠮᠲᠠ ᠶᠢᠨ ᠲᠠᠭᠠᠭᠠᠴᠠ ᠴᠢᠳᠠᠪᠤᠷᠢ ᠶᠢ | ᠳᠡᠭᠡᠭᠰᠢᠯᠡᠭᠦᠯᠵᠦ᠂ ᠪᠣᠭᠤᠮᠲᠠ ᠪᠠᠷ ᠶᠡᠬᠡᠪᠡᠷ ᠥᠩᠭᠡᠷᠡᠬᠦ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠬᠡᠷᠡᠭᠯᠡᠵᠦ᠂ ᠪᠣᠭᠤᠮᠲᠠ ᠪᠠᠷ ᠥᠩᠭᠡᠷᠡᠬᠦ ᠴᠠᠭ ᠢ ᠪᠤᠭᠤᠨᠢᠰᠬᠠᠨ᠂ ᠪᠣᠭᠤᠮᠲᠠ ᠪᠠᠷ ᠥᠩᠭᠡᠷᠡᠬᠦ ᠦᠷ᠎ᠡ | ᠪᠦᠲᠦᠮᠵᠢ ᠶᠢ ᠲᠡᠭᠡᠭᠰᠢᠯᠡᠭᠦᠯᠵᠠᠢ᠃ | |