【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】2024 ᠤᠨ ᠤ ᠵᠤᠨ ᠤ ᠲᠡᠭᠡᠭᠡᠪᠦᠷᠢ ᠲᠠᠭᠤᠰᠤᠭᠠᠳ ᠮᠠᠨ ᠤ ᠬᠤᠳᠠ ᠨᠡᠶᠢᠳᠡ 13.63 ᠲᠦᠮᠡᠨ ᠬᠦᠮᠦᠨ ᠤᠳᠠᠭ᠎ᠠ ᠠᠶᠠᠨᠴᠢᠳ ᠢ ᠬᠦᠷᠭᠡᠵᠡᠢ
ᠨᠡᠶᠢᠲᠡᠯᠡᠭᠰᠡᠨ ᠴᠠᠭ᠄
2024/9/5
   8 ᠰᠠᠷ᠎ᠠ ᠶᠢᠨ 31 ᠤ ᠡᠳᠦᠷ᠂ 62 ᠡᠳᠦᠷ ᠤᠨ ᠬᠤᠭᠤᠴᠠᠭ᠎ᠠ ᠲᠠᠢ 2024 ᠣᠨ ᠤ ᠵᠣᠨ ᠤ ᠳᠡᠭᠡᠭᠡᠪᠣᠷᠢ ᠥᠨᠳᠥᠷᠯᠡᠪᠡ᠃    ᠵᠣᠨ ᠤ ᠲᠡᠭᠡᠭᠡᠪᠦᠷᠢ ᠶᠢᠨ ᠬᠤᠭᠤᠴᠠᠭᠠᠨ ᠳᠤ᠂ ᠮᠠᠨ ᠤ ᠬᠤᠲᠠ ᠶᠢᠨ ᠠᠶᠠᠨᠴᠢᠳ ᠤᠨ ᠲᠤᠭ᠎ᠠ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠨᠡᠶᠢᠲᠡ 13.63 ᠲᠦᠮᠡᠨ ᠬᠥᠮᠦᠨ ᠤᠳᠠᠭ᠎ᠠ ᠠᠶᠠᠨᠴᠢᠳ ᠵᠣᠷᠴᠢᠪᠠ᠃
   ᠲᠡᠮᠦᠷ ᠵᠠᠮ ᠤᠨ ᠲᠠᠯ᠎ᠠ ᠪᠠᠷ᠂ ᠰᠤᠷᠤᠭᠴᠢᠳ ᠤᠨ ᠶᠠᠪᠤᠵᠤ ᠰᠠᠭᠤᠬᠤ᠂ ᠵᠢᠭᠤᠯᠴᠢᠯᠠᠯ ᠤᠨ ᠤᠷᠤᠰᠬᠠᠯ᠂ ᠲᠥᠷᠥᠯ ᠰᠠᠳᠤᠨ ᠢᠶᠠᠨ ᠡᠷᠭᠢᠵᠦ ᠦᠵᠡᠬᠦ ᠵᠡᠷᠭᠡ ᠠᠶᠠᠨᠴᠢᠳ ᠤᠨ ᠲᠤᠭ᠎ᠠ ᠣᠯᠠᠰᠢᠷᠠᠵᠤ᠂ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠡᠭᠡ ᠪᠠᠷ ᠨᠡᠮᠡᠭᠳᠡᠵᠦ᠂ ᠠᠶᠠᠨᠴᠢᠳ ᠤᠨ ᠤᠷᠤᠰᠬᠠᠯ ᠥᠨᠳᠥᠷ ᠪᠣᠯᠵᠤ ᠪᠠᠶᠢᠨ᠎ᠠ᠃ ᠡᠷᠢᠶᠡᠨ ᠲᠡᠷᠭᠡᠨ ᠥᠷᠲᠡᠭᠡ ᠨᠢ ᠭᠤᠣᠯᠳᠠᠯᠭ᠎ᠠ ᠲᠠᠢ ᠠᠶᠠᠨᠴᠢᠳ᠂ ᠣᠨᠴᠠᠭᠠᠢ ᠠᠶᠠᠨᠴᠢᠳ ᠤᠨ ᠮᠡᠳᠡᠭᠡ ᠵᠠᠩᠭᠢ ᠶᠢᠨ ᠬᠤᠯᠪᠣᠯᠳᠤᠯ ᠵᠢᠴᠢ ᠥᠷᠲᠡᠭᠡᠨ ᠲᠡᠷᠭᠡ ᠶᠢᠨ ᠲᠤᠰᠢᠶᠠᠬᠤ ᠪᠠ ᠭᠥᠯᠢᠶᠡᠨ ᠠᠪᠬᠤ ᠠᠵᠢᠯ ᠢ ᠴᠢᠩᠭᠠᠳᠬᠠᠵᠤ᠂ ᠨᠠᠰᠤᠲᠠᠶᠢᠴᠤᠳ ᠵᠡᠷᠭᠡ ᠬᠥᠮᠥᠰ ᠤᠨ ᠪᠢᠯᠧᠲ ᠬᠤᠳᠠᠯᠳᠤᠬᠤ᠂ ᠠᠶᠠᠯᠠᠯ ᠤᠨ ᠲᠥᠯᠦᠪᠵᠢᠭᠦᠯᠭᠡ ᠪᠠ ᠠᠰᠠᠭᠤᠵᠤ ᠬᠠᠷᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠠᠶᠠᠨᠴᠢᠳ ᠤᠨ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠨᠡᠶᠢᠲᠡ 4.77 ᠲᠦᠮᠡᠨ ᠬᠥᠮᠦᠨ ᠤᠳᠠᠭ᠎ᠠ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 24.87 % ᠪᠠᠷ ᠨᠡᠮᠡᠭᠳᠡᠪᠡ᠃    ᠠᠭᠠᠷ ᠤᠨ ᠠᠶᠠᠯᠠᠯ ᠤᠨ ᠲᠠᠯ᠎ᠠ ᠪᠠᠷ᠂ ᠰᠠᠶᠢᠬᠤᠰᠦ ᠨᠢᠰᠬᠡᠯ ᠤᠨ ᠪᠠᠭᠤᠳᠠᠯ ᠤᠷᠢᠳᠴᠢᠯᠠᠨ ᠰᠤᠳᠤᠯᠤᠨ ᠮᠠᠭᠠᠳᠯᠠᠵᠤ᠂ ᠠᠵᠢᠯᠯᠠᠭᠠᠨ ᠤ ᠪᠠᠲᠤᠯᠠᠭ᠎ᠠ ᠶᠢᠨ ᠳᠤᠮᠳᠠᠬᠢ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠣᠯᠳᠠᠯᠭ᠎ᠠ ᠲᠠᠢ ᠬᠥᠮᠥᠰ ᠢ ᠴᠢᠩᠭ᠎ᠠ ᠠᠩᠬᠠᠷᠴᠤ᠂ ᠠᠵᠢᠯᠯᠠᠭᠠᠨ ᠤ ᠪᠠᠲᠤᠯᠠᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠡᠭᠡᠯᠵᠢ ᠶᠢᠨ ᠨᠢᠰᠬᠡᠯ ᠤᠨ ᠨᠢᠰᠴᠦ ᠪᠠᠭᠤᠭᠰᠠᠨ ᠬᠡᠮᠵᠢᠶ᠎ᠡ ᠨᠡᠶᠢᠲᠡ 924 ᠤᠳᠠᠭ᠎ᠠ᠂ ᠠᠶᠠᠨᠴᠢᠳ ᠤᠨ ᠣᠷᠣᠭᠤᠯᠵᠤ ᠭᠠᠷᠭᠠᠭᠰᠠᠨ ᠬᠡᠮᠵᠢᠶ᠎ᠡ 64063 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 21.3%᠂ 36% ᠪᠠᠷ ᠨᠡᠮᠡᠭᠳᠡᠨ᠂ ᠠᠶᠠᠨᠴᠢᠳ ᠤᠨ ᠤᠷᠤᠰᠬᠠᠯ ᠭᠤᠤᠯᠳᠠᠭᠤ ᠪᠡᠭᠡᠵᠢᠩ᠂ ᠬᠥᠬᠡᠬᠤᠲᠠ ᠵᠡᠷᠭᠡ ᠴᠢᠭᠯᠡᠯ ᠳᠤ ᠲᠥᠪᠯᠡᠷᠡᠵᠡᠶ᠃    ᠵᠠᠰᠠᠮᠠᠯ ᠵᠠᠮ ᠤᠨ ᠲᠠᠯ᠎ᠠ ᠪᠠᠷ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠨᠢ ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠬᠦ ᠶᠢ ᠤᠷᠢᠳᠴᠢᠯᠠᠨ ᠰᠠᠶᠢᠲᠤᠷ ᠬᠢᠵᠦ᠂ ᠲᠡᠭᠡᠭᠡᠪᠦᠷᠢ ᠶᠢᠨ ᠬᠦᠴᠦᠨ ᠢᠶᠠᠨ ᠵᠦᠢ ᠵᠣᠬᠢᠰᠲᠠᠶ ᠲᠣᠬᠢᠷᠠᠭᠤᠯᠤᠨ᠂ ᠡᠭᠡᠯᠵᠢ ᠤᠳᠠᠭ᠎ᠠ ᠲᠣᠬᠢᠷᠠᠭᠤᠯᠵᠤ᠂ ᠵᠢᠯᠣᠭᠤᠴᠢ ᠶᠢᠨ ᠠᠶᠤᠯ ᠦᠭᠡᠶ ᠶᠢᠨ ᠦᠵᠡᠯ ᠤᠬᠠᠮᠰᠠᠷ ᠤᠨ ᠪᠣᠯᠪᠠᠰᠤᠷᠠᠭᠤᠯᠤᠯ ᠢ ᠴᠢᠩᠭᠠᠳᠬᠠᠨ᠂ ᠲᠡᠭᠡᠭᠡᠪᠦᠷᠢ ᠶᠢᠨ ᠡᠭᠦᠷᠭᠡ ᠪᠠᠨ ᠵᠦᠢ ᠵᠣᠬᠢᠰᠲᠠᠶ ᠲᠣᠬᠢᠷᠠᠭᠤᠯᠤᠨ᠂ ᠶᠠᠳᠠᠷᠠᠭ᠎ᠠ ᠲᠠᠢ ᠪᠠᠷ ᠲᠡᠷᠭᠡ ᠵᠢᠯᠣᠭᠤᠳᠬᠤ ᠶᠢ ᠲᠠᠰᠤ ᠵᠣᠭᠰᠣᠭᠠᠵᠤ᠂ ᠵᠤᠨ ᠤ ᠲᠡᠭᠡᠭᠡᠪᠦᠷᠢ ᠶᠢᠨ ᠬᠤᠭᠤᠴᠠᠭᠠᠨ ᠳᠠᠬᠢ ᠠᠶᠠᠨᠴᠢᠳ ᠤᠨ ᠲᠡᠭᠡᠭᠡᠪᠦᠷᠢ ᠶᠢᠨ ᠠᠶᠤᠯ ᠦᠭᠡᠶ ᠪᠥᠭᠡᠳ ᠲᠣᠭᠲᠠᠭᠤᠨ ᠪᠠᠶᠢᠬᠤ ᠶᠢ ᠦᠨᠡᠨᠬᠦ ᠪᠠᠳᠣᠯᠠᠪᠠ᠃ ᠠᠶᠠᠨᠴᠢᠳ ᠢ ᠨᠡᠶᠢᠲᠡ 24521 ᠬᠥᠮᠦᠨ ᠤᠳᠠᠭ᠎ᠠ ᠬᠦᠷᠭᠡᠵᠡᠶ᠂ ᠡᠭᠦᠨ ᠳᠤ ᠤᠯᠤᠰ ᠤᠨ ᠳᠣᠲᠣᠭᠠᠳᠤ ᠶᠢᠨ ᠴᠢᠭᠯᠡᠯ 10335 ᠬᠥᠮᠦᠨ ᠤᠳᠠᠭ᠎ᠠ᠂ ᠣᠯᠠᠨ ᠤᠯᠤᠰ ᠤᠨ ᠬᠤᠭᠤᠷᠣᠨᠳᠣᠬᠢ 14186 ᠬᠥᠮᠦᠨ ᠤᠳᠠᠭ᠎ᠠ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号