| ᠰᠤᠷᠪᠤᠯᠵᠢᠯᠠᠭᠴᠢ ᠡᠷᠢᠶᠡᠨ ᠪᠣᠭᠤᠮᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ | ᠥᠷᠲᠡᠭᠡ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ 8 ᠰᠠᠷ᠎ᠠ ᠳᠤ᠂ ᠡᠷᠢᠶᠡᠨ ᠪᠣᠭᠤᠮᠲᠠ ᠶᠢᠨ ᠬᠢᠯᠢ ᠪᠠᠷ | ᠣᠷᠣᠵᠤ ᠭᠠᠷᠬᠤ ᠬᠥᠮᠦᠰ 172.7 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 96% ᠪᠠᠷ ᠨᠡᠮᠡᠭᠳᠡᠪᠡ᠃ | ᠰᠠᠶ᠋ᠢᠬᠠᠨ ᠥᠩᠭᠡᠷᠡᠭᠰᠡᠨ ᠵᠣᠨ ᠤ ᠵᠥᠭᠡᠭᠡᠪᠦᠷᠢ᠂ ᠡᠷᠢᠶᠡᠨ ᠵᠠᠰᠠᠮᠠᠯ ᠵᠠᠮ ᠤᠨ ᠪᠣᠭᠤᠮᠲᠠ ᠥᠩᠭᠡᠷᠡᠬᠦ ᠪᠠᠶᠢᠳᠠᠯ ᠨᠢ | ᠪᠠᠷᠠᠭ᠎ᠠ ᠬᠤᠳᠠᠯᠳᠤᠨ ᠠᠪᠬᠤ ᠵᠤᠭᠠᠴᠠᠭᠰᠠᠳ ᠤᠨ ᠤᠷᠤᠰᠬᠠᠯ᠂ ᠭᠡᠷ ᠪᠦᠯᠢ ᠶᠢᠨ ᠡᠴᠢᠭᠡ ᠡᠬᠡ ᠦᠷ᠎ᠡ ᠬᠡᠦᠬᠡᠳ ᠤᠨ | ᠵᠤᠭᠠᠴᠠᠯ᠂ ᠪᠦᠯᠬᠦᠮ ᠤᠨ ᠬᠢᠯᠢ ᠠᠯᠤᠰᠯᠠᠨ ᠵᠢᠭᠤᠯᠴᠢᠯᠠᠬᠤ᠂ ᠵᠣᠨ ᠤ ᠠᠮᠠᠷᠠᠯᠲᠠ ᠶᠢᠨ ᠰᠤᠳᠤᠯᠤᠨ ᠰᠤᠷᠤᠯᠴᠠᠬᠤ ᠵᠤᠭᠠᠴᠠᠯ | ᠵᠡᠷᠭᠡ ᠬᠢᠯᠢ ᠪᠠᠷ ᠣᠷᠣᠵᠤ ᠭᠠᠷᠬᠤ ᠠᠶᠠᠨᠴᠢᠳ ᠣᠯᠠᠰᠢᠷᠠᠵᠤ᠂ ᠪᠣᠭᠤᠮᠲᠠ ᠪᠠᠷ ᠥᠩᠭᠡᠷᠡᠬᠦ ᠴᠢᠬᠤᠯᠠ ᠨᠡᠮᠡᠭᠳᠡᠯ ᠤᠨ ᠴᠡᠭ | ᠪᠣᠯᠤᠭᠰᠠᠨ ᠪᠠᠶᠢᠨ᠎ᠠ᠃ ᠢᠯᠠᠩᠭᠤᠶ᠎ᠠ 8 ᠳ᠋ᠤᠭᠠᠷ ᠰᠠᠷ᠎ᠠ ᠳᠤ᠂ ᠡᠳᠦᠷ ᠳᠤᠮᠳᠠᠴᠢ ᠶᠢᠨ ᠬᠢᠯᠢ ᠪᠠᠷ ᠣᠷᠣᠵᠤ ᠭᠠᠷᠬᠤ ᠬᠥᠮᠦᠰ | 10000 ᠬᠥᠮᠦᠨ ᠤᠳᠠᠭ᠎ᠠ ᠶᠢ ᠳᠠᠪᠠᠵᠤ᠂ ᠨᠡᠶᠢᠲᠡ 35.2 ᠲᠦᠮᠡᠨ ᠬᠥᠮᠦᠨ ᠤᠳᠠᠭ᠎ᠠ ᠳᠤ ᠬᠦᠷᠴᠦ᠂ ᠭᠠᠭᠴᠠ | ᠰᠠᠷ᠎ᠠ ᠶᠢᠨ ᠰᠢᠯᠭᠠᠯᠲᠠ ᠪᠠᠷ ᠬᠠᠮᠤᠭ ᠤᠨ ᠥᠨᠳᠥᠷ ᠲᠡᠮᠳᠡᠭᠯᠡᠯ ᠢ ᠰᠢᠨᠡᠳᠬᠡᠪᠡ᠃ | ᠲᠠᠰᠤᠷᠠᠯᠲᠠ ᠦᠭᠡᠢ ᠳᠡᠭᠡᠭᠰᠢᠯᠡᠵᠦ ᠪᠠᠶᠢᠭ᠎ᠠ ᠬᠢᠯᠢ ᠪᠠᠷ ᠣᠷᠣᠵᠤ ᠭᠠᠷᠬᠤ ᠠᠶᠠᠨᠴᠢᠳ ᠤᠨ ᠤᠷᠤᠰᠬᠠᠯ ᠢ ᠪᠦᠲᠦᠮᠵᠢᠲᠡᠶ | ᠠᠷᠭᠠᠴᠠᠬᠤ ᠶᠢᠨ ᠳᠣᠯᠠᠳᠠ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠥᠷᠲᠡᠭᠡ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠳᠠᠯᠢ | ᠪᠤᠰᠤ ᠴᠠᠭ ᠬᠤᠭᠤᠴᠠᠭᠠᠨ ᠤ ᠬᠠᠷᠢᠮᠠᠬᠠᠢ ︽ᠴᠠᠭ ᠢ ᠤᠷᠲᠤᠳᠬᠠᠨ ᠪᠣᠭᠤᠮᠲᠠ ᠪᠠᠷ ᠥᠩᠭᠡᠷᠡᠬᠦ︾ ᠦᠢᠯᠡᠴᠢᠯᠡᠭᠡᠨ ᠤ ᠠᠷᠭ᠎ᠠ | ᠬᠡᠮᠵᠢᠶ᠎ᠡ ᠶᠢ ᠬᠠᠩᠭᠠᠵᠤ᠂ ᠪᠦᠯᠬᠦᠮ ᠨᠡᠶᠢᠲᠡ ᠶᠢᠨ ᠵᠢᠭᠤᠯᠴᠢᠯᠠᠯ᠂ ᠶᠡᠭᠡ ᠬᠡᠮᠵᠢᠶᠡᠨ ᠤ ᠡᠳ᠋ ᠪᠣᠳᠠᠰ ᠢ ᠠᠪᠴᠤ ᠶᠠᠪᠤᠬᠤ | ᠠᠶᠠᠨᠴᠢᠳ ᠤᠨ ᠲᠤᠰᠬᠠᠶ ᠨᠡᠪᠲᠡᠷᠡᠬᠦ ᠵᠠᠮ ᠭᠠᠷᠭᠠᠵᠤ᠂ ᠭᠠᠳᠠᠭᠠᠳᠤ ᠬᠡᠯᠡ ᠳᠤ ᠨᠡᠪᠲᠡᠷᠡᠭᠰᠡᠨ ᠲᠠᠪᠴᠠᠩ ᠤᠨ ᠭᠠᠳᠠᠨᠠᠬᠢ | ᠪᠠᠶᠢᠴᠠᠭᠠᠭᠴᠢ ᠶᠢ ᠨᠡᠮᠡᠵᠦ᠂ ᠤᠷᠢᠳᠠᠴᠢ ᠬᠥᠲᠥᠯᠥᠨ ᠵᠢᠯᠣᠭᠤᠳᠴᠤ ᠠᠰᠠᠭᠤᠨ ᠯᠠᠪᠯᠠᠬᠤ ᠶᠢ ᠴᠢᠩᠭᠠᠳᠬᠠᠨ᠂ ᠠᠶᠠᠨᠴᠢᠳ ᠲᠤ | ᠲᠣᠳᠣᠷᠬᠠᠶ ᠵᠢᠯᠣᠭᠤᠳᠣᠯᠭ᠎ᠠ ᠬᠠᠩᠭᠠᠵᠤ᠂ ᠬᠦᠯᠢᠶᠡᠬᠦ ᠴᠠᠭ ᠢ ᠪᠠᠭᠠᠰᠬᠠᠨ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠶᠠᠨᠴᠢᠳ ᠤᠨ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠨᠡᠪᠲᠡᠷᠡᠬᠦ ᠶᠢ ᠪᠠᠳᠣᠯᠠᠪᠠ᠃ |