| ᠰᠤᠷᠪᠤᠯᠵᠢᠯᠠᠭᠴᠢ ᠡᠷᠢᠶᠡᠨ ᠪᠣᠭᠤᠮᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ | ᠪᠠᠶᠢᠴᠠᠭᠠᠬᠤ ᠥᠷᠲᠡᠭᠡ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ 8 ᠰᠠᠷ᠎ᠠ ᠳᠤ᠂ ᠡᠷᠢᠶᠡᠨ | ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠦᠰ 172.7 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 96% ᠪᠠᠷ ᠨᠡᠮᠡᠭᠳᠡᠪᠡ᠃ | ᠰᠠᠶ᠋ᠢᠬᠠᠨ ᠥᠩᠭᠡᠷᠡᠭᠰᠡᠨ ᠵᠣᠨ ᠤ ᠵᠥᠭᠡᠭᠡᠪᠦᠷᠢ᠂ ᠡᠷᠢᠶᠡᠨ ᠵᠠᠰᠠᠮᠠᠯ ᠵᠠᠮ ᠤᠨ ᠪᠣᠭᠤᠮᠲᠠ ᠥᠩᠭᠡᠷᠡᠬᠦ ᠪᠠᠶᠢᠳᠠᠯ ᠨᠢ | ᠪᠠᠷᠠᠭ᠎ᠠ ᠬᠤᠳᠠᠯᠳᠤᠨ ᠠᠪᠬᠤ ᠵᠤᠭᠠᠴᠠᠭᠰᠠᠳ ᠤᠨ ᠤᠷᠤᠰᠬᠠᠯ᠂ ᠭᠡᠷ ᠪᠦᠯᠢ ᠶᠢᠨ ᠡᠴᠢᠭᠡ ᠡᠬᠡ ᠦᠷ᠎ᠡ ᠬᠡᠦᠬᠡᠳ ᠤᠨ | ᠵᠤᠭᠠᠴᠠᠯ᠂ ᠪᠦᠯᠬᠦᠮ ᠤᠨ ᠬᠢᠯᠢ ᠠᠯᠤᠰᠯᠠᠨ ᠵᠢᠭᠤᠯᠴᠢᠯᠠᠬᠤ᠂ ᠵᠣᠨ ᠤ ᠠᠮᠠᠷᠠᠯᠲᠠ ᠶᠢᠨ ᠰᠤᠳᠤᠯᠤᠨ ᠰᠤᠷᠤᠯᠴᠠᠬᠤ | ᠵᠤᠭᠠᠴᠠᠯ ᠵᠡᠷᠭᠡ ᠬᠢᠯᠢ ᠪᠠᠷ ᠣᠷᠣᠵᠤ ᠭᠠᠷᠬᠤ ᠠᠶᠠᠨᠴᠢᠳ ᠣᠯᠠᠰᠢᠷᠠᠵᠤ᠂ ᠪᠣᠭᠤᠮᠲᠠ ᠪᠠᠷ ᠥᠩᠭᠡᠷᠡᠬᠦ ᠴᠢᠬᠤᠯᠠ | ᠨᠡᠮᠡᠭᠳᠡᠯ ᠤᠨ ᠴᠡᠭ ᠪᠣᠯᠤᠭᠰᠠᠨ ᠪᠠᠶᠢᠨ᠎ᠠ᠃ ᠢᠯᠠᠩᠭᠤᠶ᠎ᠠ 8 ᠳ᠋ᠤᠭᠠᠷ ᠰᠠᠷ᠎ᠠ ᠳᠤ᠂ ᠡᠳᠦᠷ ᠳᠤᠮᠳᠠᠴᠢ ᠶᠢᠨ ᠬᠢᠯᠢ ᠪᠠᠷ | ᠣᠷᠣᠵᠤ ᠭᠠᠷᠬᠤ ᠬᠥᠮᠦᠰ 10000 ᠬᠥᠮᠦᠨ ᠤᠳᠠᠭ᠎ᠠ ᠶᠢ ᠳᠠᠪᠠᠵᠤ᠂ ᠨᠡᠶᠢᠲᠡ 35.2 ᠲᠦᠮᠡᠨ ᠬᠥᠮᠦᠨ | ᠤᠳᠠᠭ᠎ᠠ ᠳᠤ ᠬᠦᠷᠴᠦ᠂ ᠭᠠᠭᠴᠠ ᠰᠠᠷ᠎ᠠ ᠶᠢᠨ ᠰᠢᠯᠭᠠᠯᠲᠠ ᠪᠠᠷ ᠬᠠᠮᠤᠭ ᠤᠨ ᠥᠨᠳᠥᠷ ᠲᠡᠮᠳᠡᠭᠯᠡᠯ ᠢ ᠰᠢᠨᠡᠳᠬᠡᠪᠡ᠃ | ᠲᠠᠰᠤᠷᠠᠯᠲᠠ ᠦᠭᠡᠢ ᠳᠡᠭᠡᠭᠰᠢᠯᠡᠵᠦ ᠪᠠᠶᠢᠭ᠎ᠠ ᠬᠢᠯᠢ ᠪᠠᠷ ᠣᠷᠣᠵᠤ ᠭᠠᠷᠬᠤ ᠠᠶᠠᠨᠴᠢᠳ ᠤᠨ ᠤᠷᠤᠰᠬᠠᠯ ᠢ | ᠪᠦᠲᠦᠮᠵᠢᠲᠡᠶ ᠠᠷᠭᠠᠴᠠᠬᠤ ᠶᠢᠨ ᠳᠣᠯᠠᠳᠠ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ | ᠪᠠᠶᠢᠴᠠᠭᠠᠬᠤ ᠥᠷᠲᠡᠭᠡ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠳᠠᠯᠢ ᠪᠤᠰᠤ ᠴᠠᠭ ᠬᠤᠭᠤᠴᠠᠭᠠᠨ ᠤ ᠬᠠᠷᠢᠮᠠᠬᠠᠢ ︽ᠴᠠᠭ ᠢ ᠤᠷᠲᠤᠳᠬᠠᠨ ᠪᠣᠭᠤᠮᠲᠠ ᠪᠠᠷ | ᠥᠩᠭᠡᠷᠡᠬᠦ︾ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠠᠩᠭᠠᠵᠤ᠂ ᠪᠦᠯᠬᠦᠮ ᠨᠡᠶᠢᠲᠡ ᠶᠢᠨ ᠵᠢᠭᠤᠯᠴᠢᠯᠠᠯ᠂ ᠶᠡᠭᠡ | ᠬᠡᠮᠵᠢᠶᠡᠨ ᠤ ᠡᠳ᠋ ᠪᠣᠳᠠᠰ ᠢ ᠠᠪᠴᠤ ᠶᠠᠪᠤᠬᠤ ᠠᠶᠠᠨᠴᠢᠳ ᠤᠨ ᠲᠤᠰᠬᠠᠶ ᠨᠡᠪᠲᠡᠷᠡᠬᠦ ᠵᠠᠮ ᠭᠠᠷᠭᠠᠵᠤ᠂ ᠭᠠᠳᠠᠭᠠᠳᠤ | ᠬᠡᠯᠡ ᠳᠤ ᠨᠡᠪᠲᠡᠷᠡᠭᠰᠡᠨ ᠲᠠᠪᠴᠠᠩ ᠤᠨ ᠭᠠᠳᠠᠨᠠᠬᠢ ᠪᠠᠶᠢᠴᠠᠭᠠᠭᠴᠢ ᠶᠢ ᠨᠡᠮᠡᠵᠦ᠂ ᠤᠷᠢᠳᠠᠴᠢ ᠬᠥᠲᠥᠯᠥᠨ | ᠵᠢᠯᠣᠭᠤᠳᠴᠤ ᠠᠰᠠᠭᠤᠨ ᠯᠠᠪᠯᠠᠬᠤ ᠶᠢ ᠴᠢᠩᠭᠠᠳᠬᠠᠨ᠂ ᠠᠶᠠᠨᠴᠢᠳ ᠲᠤ ᠲᠣᠳᠣᠷᠬᠠᠶ ᠵᠢᠯᠣᠭᠤᠳᠣᠯᠭ᠎ᠠ ᠬᠠᠩᠭᠠᠵᠤ᠂ | ᠬᠦᠯᠢᠶᠡᠬᠦ ᠴᠠᠭ ᠢ ᠪᠠᠭᠠᠰᠬᠠᠨ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠠᠶᠠᠨᠴᠢᠳ ᠤᠨ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠨᠡᠪᠲᠡᠷᠡᠬᠦ ᠶᠢ ᠪᠠᠳᠣᠯᠠᠪᠠ᠃ |