| | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 4 ᠤ ᠴᠠᠭᠢᠯᠭᠠᠨ ᠮᠡᠳᠡᠭᠡ 9 ᠰᠠᠷ᠎ᠠ ᠶᠢᠨ 4 ᠤ ᠣᠷᠣᠢ | ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ | ᠠᠹᠷᠢᠺᠠ ᠲᠢᠪ ᠤᠨ ᠲᠠᠯ᠎ᠠ ᠶᠢᠨ ᠬᠢᠨ ᠵᠢᠴᠢ ᠤᠯᠠᠨ ᠤᠯᠤᠰ ᠤᠨ ᠡᠷᠬᠢᠮ ᠵᠣᠴᠢᠳ ᠢ ᠤᠭᠲᠤᠪᠠ᠃ | 9 ᠰᠠᠷ᠎ᠠ ᠶᠢᠨ 4 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ | ᠶᠤᠸᠠᠨ ᠲᠠᠢ ᠪᠠᠨ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ | ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠠᠹᠷᠢᠺᠠ ᠲᠢᠪ ᠤᠨ ᠲᠠᠯ᠎ᠠ ᠵᠢᠴᠢ ᠤᠯᠠᠨ ᠤᠯᠤᠰ ᠤᠨ ᠡᠷᠬᠢᠮ | ᠵᠣᠴᠢᠳ ᠢ ᠤᠭᠲᠤᠪᠠ᠃ ᠵᠢᠷᠤᠭ ᠪᠣᠯ ᠰᠢ ᠶᠢᠨ ᠫᠢᠩ ᠪᠠᠶᠠᠷ ᠤᠨ ᠦᠭᠡ ᠬᠡᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ | ᠯᠢ ᠰᠢ ᠣᠷᠣᠯᠴᠠᠪᠠ᠃ | 9 ᠰᠠᠷ᠎ᠠ ᠶᠢᠨ 4 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ | ᠶᠤᠸᠠᠨ ᠲᠠᠢ ᠪᠠᠨ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ | ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠠᠹᠷᠢᠺᠠ ᠲᠢᠪ ᠤᠨ ᠲᠠᠯ᠎ᠠ ᠵᠢᠴᠢ ᠤᠯᠠᠨ ᠤᠯᠤᠰ ᠤᠨ ᠡᠷᠬᠢᠮ | ᠵᠣᠴᠢᠳ ᠢ ᠤᠭᠲᠤᠪᠠ᠃ ᠵᠢᠷᠤᠭ ᠪᠣᠯ ᠳᠠᠶᠢᠯᠠᠯᠭ᠎ᠠ ᠠᠴᠠ ᠡᠮᠦᠨ᠎ᠡ ᠰᠢ ᠶᠢᠨ ᠫᠢᠩ ᠪᠣᠯᠣᠨ ᠫᠧᠩ ᠯᠢ ᠶᠤᠸᠠᠨ ᠡᠷᠬᠢᠮ | ᠵᠣᠴᠢᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ | 9 ᠰᠠᠷ᠎ᠠ ᠶᠢᠨ ᠪᠡᠭᠡᠵᠢᠩ ᠳᠤ ᠨᠠᠮᠤᠷ ᠤᠨ ᠠᠭᠤᠷ ᠠᠮᠢᠰᠬᠤᠯ ᠰᠡᠷᠢᠭᠦᠨ ᠲᠠᠭᠠᠯᠠᠮᠵᠢᠲᠠᠢ ᠪᠠᠶᠢᠯ᠎ᠠ᠃ ᠰᠦᠷ | ᠵᠢᠪᠬᠤᠯᠠᠩᠲᠤ ᠠᠷᠠᠳ ᠤᠨ ᠶᠡᠭᠡ ᠬᠤᠷᠠᠯ ᠤᠨ ᠲᠠᠩᠬᠢᠮ ᠳᠤ᠂ ᠳᠤᠮᠳᠠᠳᠤ ᠤᠯᠤᠰ ᠤᠨ ᠤᠯᠤᠰ ᠤᠨ ᠲᠤᠭ ᠪᠣᠯᠣᠨ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠦᠷᠢᠯᠳᠦᠭᠦᠨ ᠤᠯᠤᠰ ᠤᠳ ᠤᠨ | ᠤᠯᠤᠰ ᠤᠨ ᠲᠤᠭ ᠵᠢᠴᠢ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠤᠭ ᠥᠩᠭᠡ ᠢᠯᠭᠠᠷᠠᠨ | ᠰᠣᠯᠣᠩᠭᠠᠷᠠᠪᠠ᠃ | ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ 51 ᠨᠡᠷᠡᠰ ᠠᠹᠷᠢᠺᠠ ᠲᠢᠪ ᠤᠨ | ᠤᠯᠤᠰ ᠤᠳ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ ᠵᠢᠴᠢ ᠲᠡᠭᠦᠨ ᠤ ᠬᠠᠨᠢ ᠨᠥᠬᠦᠷ | ᠶᠡᠷᠦᠩᠬᠡᠶᠢᠯᠡᠭᠴᠢ ᠶᠢᠨ 2 ᠲᠥᠯᠥᠭᠡᠯᠡᠭᠴᠢ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ | ᠲᠡᠷᠢᠭᠦᠯᠡᠭᠴᠢ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠵᠡᠷᠭᠡ | ᠡᠷᠬᠢᠮ ᠵᠣᠴᠢᠳ ᠤᠷᠢᠳ ᠬᠤᠵᠢᠳ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠦᠷᠪᠡ᠃ ᠰᠢ ᠶᠢᠨ ᠫᠢᠩ ᠪᠣᠯᠣᠨ | ᠫᠧᠩ ᠯᠢ ᠶᠤᠸᠠᠨ ᠬᠠᠯᠠᠭᠤᠨ ᠢᠶᠠᠷ ᠤᠭᠲᠤᠵᠤ᠂ ᠲᠡᠳᠡᠨ ᠲᠠᠢ ᠲᠤᠰ ᠲᠤᠰ ᠭᠠᠷ ᠠᠳᠬᠤᠵᠤ ᠮᠡᠨᠳᠦᠴᠢᠯᠡᠭᠰᠡᠨ | ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ | ᠴᠣᠪᠣᠭᠤ ᠬᠥᠭᠡᠷᠦᠬᠦᠨ ᠪᠠᠭᠠᠴᠤᠳ ᠬᠡᠦᠬᠡᠳ ᠢᠷᠠᠭᠤ ᠰᠠᠶᠢᠬᠠᠨ ᠳᠠᠭᠤᠤ ᠪᠠᠨ ᠳᠠᠭᠤᠯᠠᠵᠤ᠂ ᠠᠹᠷᠢᠺᠠ ᠲᠢᠪ ᠤᠨ | ᠬᠡᠩᠭᠡᠷᠭᠡ ᠳᠡᠯᠡᠳᠴᠦ᠂ ᠳᠠᠭᠤᠯᠠᠨ ᠪᠥᠵᠢᠭᠯᠡᠵᠦ᠂ ᠠᠯᠤᠰ ᠠᠴᠠ ᠬᠦᠷᠦᠯᠴᠡᠨ ᠢᠷᠡᠭᠰᠡᠨ ᠤᠯᠠᠨ ᠤᠯᠤᠰ ᠤᠨ ᠡᠷᠬᠢᠮ | ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ | ᠢᠷᠠᠭᠤ ᠰᠠᠶᠢᠬᠠᠨ ᠤᠭᠲᠤᠯᠭ᠎ᠠ ᠶᠢᠨ ᠠᠶᠠᠰ ᠬᠥᠭᠵᠢᠮ ᠤᠨ ᠳᠤᠮᠳᠠ᠂ ᠰᠢ ᠶᠢᠨ ᠫᠢᠩ ᠪᠣᠯᠣᠨ ᠫᠧᠩ ᠯᠢ | ᠶᠤᠸᠠᠨ ᠡᠷᠬᠢᠮ ᠵᠣᠴᠢᠳ ᠲᠠᠢ ᠬᠠᠮᠲᠤ ᠳᠠᠶᠢᠯᠠᠯᠭ᠎ᠠ ᠶᠢᠨ ᠲᠢᠩᠬᠢᠮ ᠳᠤ ᠠᠯᠬᠤᠨ ᠣᠷᠣᠪᠠ᠃ | ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠤ ᠡᠮᠦᠨ᠎ᠡ ᠠᠴᠠ ᠡᠷᠬᠢᠮ ᠵᠣᠴᠢᠳ ᠢ ᠪᠠᠶᠠᠷᠯᠠᠨ ᠤᠭᠲᠤᠪᠠ᠃ | ᠰᠢ ᠶᠢᠨ ᠫᠢᠩ᠂ ᠠᠹᠷᠢᠺᠠ ᠲᠢᠪ ᠤᠨ ᠨᠠᠶᠢᠵᠠ ᠨᠠᠷ ᠲᠠᠢ ᠠᠭᠤᠯᠵᠠᠬᠤ ᠪᠦᠷᠢ ᠨᠠᠳᠠᠳᠤ ᠲᠤᠩ ᠳᠣᠲᠣᠨᠣ | ᠰᠠᠨᠠᠭᠳᠠᠳᠠᠭ᠂ ᠢᠯᠠᠩᠭᠤᠶ᠎ᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠰᠠᠭᠤᠷᠢ ᠪᠠᠲᠤ᠂ ᠡᠭᠢᠯᠡᠯᠲᠡ ᠶᠢᠨ ᠴᠡᠭ ᠥᠨᠳᠥᠷ᠂ ᠠᠯᠤᠰ ᠢᠷᠡᠭᠡᠳᠦᠢ ᠥᠷᠭᠡᠨ ᠠᠭᠤᠳᠠᠮ | ᠪᠠᠶᠢᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠭᠡᠷᠡᠯ | ᠰᠠᠴᠤᠷᠠᠩᠭᠤᠢ ᠬᠡᠪ ᠳᠠᠭᠤᠷᠢᠶᠠᠯ ᠦᠵᠡᠭᠦᠯᠦᠭᠰᠡᠨ ᠢ ᠭᠦᠨᠵᠡᠭᠡᠢ ᠮᠡᠳᠡᠷᠡᠵᠦ ᠣᠯᠳᠠᠭ᠃ ᠳᠤᠮᠳᠠᠳᠤ ᠠᠹᠷᠢᠺᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠤᠯᠠᠮᠵᠢᠯᠠᠯᠲᠤ ᠨᠥᠬᠦᠷᠯᠡᠯ ᠳᠤ ᠦᠨᠳᠦᠰᠦᠯᠡᠵᠦ᠂ ᠬᠠᠮᠲᠤᠷᠠᠯᠴᠠᠵᠤ | ᠬᠠᠮᠲᠤ ᠪᠠᠷ ᠠᠰᠢᠭ ᠭᠦᠷᠳᠡᠭᠦ ᠳᠡᠭᠡᠷ᠎ᠡ ᠢᠯᠡᠷᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠳᠤᠮᠳᠠ | ᠪᠤᠵᠠᠭᠠᠶᠢᠷᠠᠪᠠ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠲᠠᠢ ᠡᠵᠡᠷᠬᠡᠭ ᠲᠦᠷᠢᠮᠡᠬᠡᠶᠢᠲᠡᠨ ᠢ | ᠡᠰᠡᠷᠭᠦᠴᠡᠬᠦ ᠺᠣᠯᠣᠨᠢᠴᠢᠯᠠᠯ ᠢ ᠡᠰᠡᠷᠭᠦᠴᠡᠬᠦ ᠡᠵᠡᠷᠬᠡᠬᠦ ᠦᠵᠡᠯ ᠢ ᠡᠰᠡᠷᠭᠦᠴᠡᠬᠦ ᠲᠡᠮᠡᠴᠡᠯ ᠳᠤᠮᠳᠠ ᠮᠥᠷᠥ ᠵᠡᠷᠭᠡᠴᠡᠨ | ᠲᠡᠮᠡᠴᠡᠵᠦ᠂ ᠬᠥᠭᠵᠢᠨ ᠮᠠᠨᠳᠤᠬᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠣᠳᠣᠬᠢᠴᠢᠯᠠᠯᠲᠠ ᠶᠢᠨ ᠵᠠᠮ ᠢᠶᠠᠷ ᠭᠠᠷ | ᠬᠤᠯᠪᠣᠨ ᠤᠷᠤᠭᠰᠢᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤᠮᠳᠠ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠳᠡᠭᠡᠷ᠎ᠡ | ᠬᠦᠴᠦ ᠪᠠᠨ ᠬᠠᠮᠲᠤᠳᠬᠠᠨ ᠬᠠᠮᠵᠢᠯᠴᠠᠪᠠ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ | ᠠᠹᠷᠢᠺᠠ ᠶᠢᠨ ᠨᠥᠬᠦᠷᠯᠡᠯ ᠦᠷᠭᠦᠯᠵᠢᠯᠡᠨ ᠤᠯᠠᠮᠵᠢᠯᠠᠭᠳᠠᠵᠤ ᠶᠠᠪᠤᠬᠤ ᠲᠤᠳᠤᠮ ᠪᠠᠬᠢᠵᠢᠪᠡ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠬᠥᠮᠥᠨ ᠲᠥᠷᠥᠯᠬᠢᠲᠡᠨ ᠤ | ᠬᠠᠮᠲᠤ ᠶᠢᠨ ᠬᠦᠰᠡᠯ ᠵᠡᠭᠦᠳᠦ ᠮᠥᠨ᠂ ᠣᠳᠣᠬᠢᠴᠢᠯᠠᠯᠲᠠ ᠪᠣᠯ ᠬᠦᠰᠡᠯ ᠵᠡᠭᠦᠳᠦ ᠶᠢ ᠪᠣᠳᠠᠲᠤ ᠠᠬᠤᠢ ᠲᠠᠢ ᠬᠤᠯᠪᠣᠬᠤ | ᠵᠠᠶᠢᠯᠠᠰᠢ ᠦᠭᠡᠢ ᠵᠠᠮ ᠮᠥᠨ᠃ ᠥᠩᠭᠡᠷᠡᠭᠰᠡᠨ ᠪᠠ ᠤᠳᠤ ᠭᠡᠰᠡᠨ ᠦᠭᠡᠢ᠂ ᠳᠤᠮᠳᠠᠳᠤ ᠠᠹᠷᠢᠺᠠ ᠪᠣᠯ ᠴᠥᠮ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠬᠤᠰᠢᠭᠤᠴᠢ ᠮᠥᠨ᠂ ᠢᠷᠡᠭᠡᠳᠦᠢ ᠳᠤ ᠪᠠᠰᠠ ᠯᠠᠪᠲᠠᠢ ᠭᠠᠷ | ᠬᠤᠯᠪᠣᠨ ᠣᠳᠣᠬᠢᠴᠢᠯᠠᠯᠲᠠ ᠶᠢᠨ ᠠᠬᠢᠴᠠ ᠶᠢᠨ ᠡᠮᠦᠨ᠎ᠡ ᠡᠩᠨᠡᠭᠡᠨ ᠳᠤ ᠶᠠᠪᠤᠬᠤ ᠪᠣᠯᠣᠨ᠎ᠠ᠃ 28 ᠳ᠋ᠦᠩᠰᠢᠭᠤᠷ | ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠨᠢᠭᠡ ᠰᠡᠳᠬᠢᠯ ᠨᠢᠭᠡ ᠴᠢᠭᠯᠡᠯ ᠢᠶᠠᠷ ᠤᠷᠤᠭᠰᠢᠯᠠᠳᠠᠭ ᠯᠠ ᠶᠤᠮ | ᠪᠣᠯ ᠣᠳᠣᠬᠢᠴᠢᠯᠠᠯᠲᠠ ᠶᠢᠨ ᠵᠠᠮ ᠳᠡᠭᠡᠷ᠎ᠡ ᠯᠠᠪᠲᠠᠢ ᠭᠡᠷᠡᠯ ᠰᠠᠴᠤᠷᠠᠩᠭᠤᠢ ᠠᠮᠵᠢᠯᠲᠠ ᠶᠢ ᠬᠠᠮᠲᠤ ᠪᠠᠷ ᠡᠭᠦᠳᠴᠦ᠂ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠦᠢᠯᠡᠰ ᠤᠨ ᠥᠷᠨᠢᠨ | ᠬᠥᠭᠵᠢᠬᠦ ᠶᠢ ᠬᠥᠲᠥᠯᠥᠨ ᠳᠠᠭᠠᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠣᠯᠣᠨ᠎ᠠ ᠭᠡᠳᠡᠭ ᠢ ᠪᠢ ᠢᠲᠡᠭᠡᠵᠦ ᠪᠠᠶᠢᠨ᠎ᠠ ᠭᠡᠵᠦ | ᠴᠢᠬᠤᠯᠠᠴᠢᠯᠠᠪᠠ᠃ ︵ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠨ᠎ᠡ︶ | ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠤᠯᠤᠰ ᠰᠧᠨᠧᠭᠠᠯ ᠤᠨ ᠶᠡᠷᠦᠩᠬᠡᠶᠢᠯᠡᠭᠴᠢ ᠹᠠᠶᠧ | ᠠᠹᠷᠢᠺᠠ ᠶᠢᠨ ᠲᠠᠯ᠎ᠠ ᠶᠢᠨ ᠤᠳᠤᠷᠢᠳᠬᠤ ᠬᠥᠮᠥᠰ ᠢ ᠲᠥᠯᠥᠭᠡᠯᠡᠨ ᠨᠥᠭᠦᠷᠰᠡᠭ ᠳᠤᠮᠳᠠᠳᠤ ᠤᠯᠤᠰ ᠤᠨ ᠠᠷᠠᠳ | ᠲᠦᠮᠡᠨ ᠤ ᠬᠠᠯᠠᠭᠤᠮᠰᠤᠭ ᠵᠣᠴᠢᠯᠠᠭ᠎ᠠ ᠪᠠ ᠨᠢᠮᠪᠠᠢ ᠲᠣᠬᠢᠷᠠᠭᠤᠯᠤᠯᠲᠠ ᠳᠤ ᠲᠠᠯᠠᠷᠬᠠᠵᠤ᠂ ᠠᠹᠷᠢᠺᠠ ᠳᠤᠮᠳᠠᠳᠤ ᠶᠢᠨ | ᠨᠥᠬᠦᠷᠯᠡᠯ ᠤᠨ ᠰᠠᠭᠤᠷᠢ ᠭᠦᠨ ᠵᠤᠵᠠᠭᠠᠨ᠂ ᠥᠨᠢ ᠤᠳᠠᠭᠠᠨ ᠤᠯᠠᠮᠵᠢᠯᠠᠯ ᠲᠠᠢ᠂ ᠬᠤᠶᠠᠷ ᠲᠠᠯ᠎ᠠ ᠶᠢᠨ | ᠣᠶᠢᠯᠠᠭᠠᠭᠳᠠᠬᠤᠨ ᠠᠳᠠᠯᠢᠪᠲᠤᠷ᠂ ᠡᠷᠬᠡ ᠲᠡᠭᠰᠢ ᠪᠠᠷ ᠬᠠᠨᠳᠤᠯᠴᠠᠵᠤ᠂ ᠬᠠᠷᠢᠯᠴᠠᠨ ᠭᠦᠨᠳᠦᠳᠭᠡᠵᠦ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠬᠦᠷᠲᠡᠵᠦ᠂ ᠪᠦᠯᠬᠦᠮᠳᠡᠨ ᠬᠠᠮᠲᠤᠷᠠᠯᠴᠠᠵᠤ᠂ ᠨᠡᠩ ᠡᠷᠬᠡ ᠲᠡᠭᠰᠢ ᠡᠮᠬᠢ ᠳᠢᠭᠯᠢᠮ ᠲᠠᠢ | ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠶᠢ | ᠰᠠᠨᠠᠭᠠᠴᠢᠯᠠᠨ᠎ᠠ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠲᠤᠰ | ᠪᠡᠶ᠎ᠡ ᠶᠢᠨ ᠲᠦᠷᠭᠡᠨ ᠬᠥᠭᠵᠢᠯᠲᠡ ᠪᠠᠨ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠳᠡᠯᠡᠬᠡᠢ ᠶᠢᠨ ᠡᠩᠬᠡ ᠲᠠᠶᠢᠪᠤᠩ | ᠪᠣᠯᠣᠨ ᠨᠡᠮᠡᠭᠳᠡᠯ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠠᠹᠷᠢᠺᠠ ᠲᠢᠪ ᠤᠨ ᠬᠢᠨ | ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠰᠢᠷᠢᠰ ᠴᠢᠬᠤᠯᠠ ᠰᠠᠨᠠᠭᠠᠴᠢᠯᠠᠭ᠎ᠠ ᠵᠢᠴᠢ ᠶᠠᠷᠢᠶᠠᠨ ᠤ | ᠲᠠᠪᠴᠠᠩ ᠤᠨ ᠲᠣᠭᠲᠠᠴᠠ ᠶᠢᠨ ᠪᠠᠶᠢᠭᠤᠯᠤᠯᠲᠠ ᠶᠢ ᠪᠠᠭᠲᠠᠭᠠᠭᠰᠠᠨ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ | ᠠᠬᠢᠭᠤᠯᠬᠤ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ | ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠹᠷᠢᠺᠠ ᠳᠤᠮᠳᠠᠳᠤ ᠶᠢᠨ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ | ᠭᠦᠨᠵᠡᠭᠡᠶᠢᠷᠡᠭᠦᠯᠵᠦ᠂ ᠬᠠᠮᠲᠤ ᠶᠢᠨ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠨ᠎ᠠ ᠭᠡᠵᠦ ᠢᠯᠡᠳᠬᠡᠪᠡ᠃ | ᠳᠠᠶᠢᠯᠠᠯᠭ᠎ᠠ ᠶᠢᠨ ᠳᠠᠷᠠᠭ᠎ᠠ ᠰᠢ ᠶᠢᠨ ᠫᠢᠩ ᠪᠣᠯᠣᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠲᠤ ︽ᠭᠠᠷ | ᠬᠤᠯᠪᠣᠨ ᠬᠠᠮᠲᠤ ᠪᠠᠷ ᠤᠷᠤᠭᠰᠢᠯᠠᠵᠤ ᠢᠷᠡᠭᠡᠳᠦᠢ ᠪᠠᠨ ᠬᠠᠮᠲᠤ ᠪᠠᠷ ᠴᠣᠭᠴᠠᠯᠠᠶ᠎ᠠ︾ ᠭᠡᠬᠦ ᠤᠷᠠᠨ ᠰᠠᠶᠢᠬᠠᠨ ᠤ | ᠲᠣᠬᠯᠠᠯᠲᠠ ᠶᠢ ᠰᠣᠨᠢᠷᠬᠠᠪᠠ᠃ ᠲᠣᠬᠯᠠᠯᠲᠠ ᠨᠢ ᠳᠤᠮᠳᠠᠳᠤ ᠠᠹᠷᠢᠺᠠ ᠶᠢᠨ ᠲᠠᠩᠰᠤᠭ ᠰᠠᠶᠢᠬᠠᠨ ᠪᠣᠯᠪᠠᠰᠤᠨ ᠤ | ᠬᠠᠮᠲᠤ ᠶᠢᠨ ᠠᠵᠢᠯᠯᠠᠭ᠎ᠠ᠂ ᠳᠤᠮᠳᠠᠳᠤ ᠠᠹᠷᠢᠺᠠ ᠶᠢᠨ ᠠᠷᠠᠳ ᠲᠦᠮᠡᠨ ᠤ ᠳᠣᠲᠣᠨᠣ ᠬᠠᠶᠢᠷ᠎ᠠ ᠰᠡᠳᠬᠢᠯᠭᠡ ᠶᠢ | ᠢᠯᠡᠷᠡᠭᠦᠯᠵᠦ᠂ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠶᠠᠪᠤᠭᠳᠠᠪᠠ᠃ | ᠸᠠᠩ ᠢ᠂ ᠶᠢᠨ ᠯᠢ᠂ ᠯᠢ ᠱᠤ᠋ ᠯᠧᠢ᠂ ᠾᠧ ᠯᠢ ᠹᠧᠩ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ | ᠣᠷᠣᠯᠴᠠᠵᠠᠢ᠃ |