【 ᠣᠲᠣᠭᠢᠴᠢᠯᠠᠭᠰᠠᠨ ᠥᠭᠡᠷᠡᠴᠢᠯᠡᠯᠲᠡ ᠶᠢ ᠳᠠᠬᠢᠨ ᠭᠦᠨᠵᠡᠭᠡᠶᠢᠷᠡᠭᠦᠯᠬᠦ 】 ᠮᠧᠩ ᠨᠧᠩ 150 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠦᠭᠰᠡᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠠᠩᠬᠠᠳᠠᠭᠴᠢ ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠣᠭᠰᠠᠷᠠᠪᠠ
ᠨᠡᠶᠢᠲᠡᠯᠡᠭᠰᠡᠨ ᠴᠠᠭ᠄
2024/9/9
   9 ᠰᠠᠷ᠎ᠠ ᠶᠢᠨ 7 ᠤ ᠡᠳᠦᠷ᠂ ᠮᠧᠩ ᠨᠧᠩ 150 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠲᠣᠣᠷ ᠲᠤ ᠨᠡᠶᠢᠯᠡᠭᠦᠯᠦᠭᠰᠡᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠠᠩᠬᠠᠳᠠᠭᠴᠢ ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠤᠭᠰᠠᠷᠠᠵᠤ ᠡᠬᠢᠯᠡᠪᠡ᠃    ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠭᠰᠡᠨ ᠤ ᠳᠠᠷᠠᠭ᠎ᠠ᠂ ᠲᠣᠮᠣ ᠬᠡᠯᠪᠡᠷᠢ ᠶᠢᠨ ᠡᠷᠭᠦᠭᠦᠷ ᠮᠠᠰᠢᠨ ᠤ ᠳᠡᠭᠦᠵᠢᠯᠡᠭᠦᠷ ᠠᠯᠭᠤᠷᠬᠠᠨ ᠪᠠᠭᠤᠵᠤ᠂ ᠰᠤᠪᠤᠷᠭᠠᠨ ᠲᠦᠩᠰᠡ ᠶᠢ ᠲᠣᠭᠲᠠᠭᠰᠠᠨ ᠪᠠᠶᠢᠷᠢᠨ ᠳᠤ ᠰᠢᠯᠵᠢᠭᠦᠯᠵᠡᠶ᠃ ᠲᠤᠰ ᠦᠯᠢᠶᠡᠭᠦᠷ ᠮᠠᠰᠢᠨ ᠤ ᠪᠠᠭᠲᠠᠭᠠᠮᠵᠢ ᠨᠢ 10 ᠰᠠᠶ᠎ᠠ ᠸᠠᠲ ᠲᠤ ᠬᠦᠷᠴᠦ᠂ ᠣᠳᠣᠬᠠᠨ ᠤ ᠪᠦᠬᠦ ᠤᠯᠤᠰ ᠤᠨ ᠬᠠᠭᠤᠷᠠᠶ ᠳᠡᠭᠡᠷᠡᠬᠢ ᠳᠠᠩ ᠮᠠᠰᠢᠨ ᠤ ᠪᠠᠭᠲᠠᠭᠠᠮᠵᠢ ᠪᠠᠷ ᠬᠠᠮᠤᠭ ᠤᠨ ᠶᠡᠭᠡ ᠮᠠᠰᠢᠨ ᠴᠣᠭᠴᠠᠯᠠᠪᠤᠷᠢ ᠪᠣᠯᠤᠨ᠎ᠠ᠃
  ᠮᠧᠩ ᠨᠧᠩ 150 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠦᠭᠰᠡᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠨᠢ ᠮᠧᠩ ᠨᠧᠩ ᠡᠷᠢᠶᠡᠨ ᠬᠤᠲᠠ ᠶᠢᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠠ ᠮᠧᠩ ᠨᠧᠩ ᠡᠷᠢᠶᠡᠨ ᠬᠤᠲᠠ ᠶᠢᠨ ᠪᠣᠭᠤᠮᠲᠠ ᠶᠢᠨ ᠪᠣᠬᠢᠷᠲᠤᠯ ᠥᠬᠡᠶ ᠴᠠᠬᠢᠯᠭᠠᠨ ᠬᠠᠩᠭᠠᠬᠤ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢᠶᠠᠷ ᠪᠦᠷᠢᠯᠳᠦᠵᠦ ᠂ ᠰᠠᠯᠬᠢᠨ ᠬᠦᠴᠦᠨ ᠤ ᠮᠠᠰᠢᠨ ᠠᠴᠠ ᠡᠬᠢᠯᠡᠨ ᠳᠡᠭᠦᠵᠢᠯᠡᠨ ᠤᠭᠰᠠᠷᠠᠬᠤ ᠲᠥᠷᠥᠯ ᠵᠦᠢᠯ ᠨᠢ ᠰᠠᠯᠬᠢᠨ ᠬᠦᠴᠦᠨ ᠤ ᠮᠠᠰᠢᠨ ᠲᠥᠬᠦᠭᠡᠷᠦᠮᠵᠢ ᠶᠢ ᠤᠭᠰᠠᠷᠠᠬᠤ ᠱᠠᠲᠤᠨ ᠳᠤ ᠪᠥᠬᠦ ᠲᠠᠯ᠎ᠠ ᠪᠠᠷ ᠤᠷᠤᠭᠰᠠᠨ ᠢ ᠬᠠᠷᠠᠭᠤᠯᠵᠤ᠂ ᠵᠢᠱᠢᠯᠲᠡ ᠪᠠᠷ 12 ᠳ᠋ᠤᠭᠠᠷ ᠰᠠᠷ᠎ᠠ ᠶᠢᠨ ᠳᠤᠮᠳᠠᠴᠢ ᠪᠠᠷ ᠳᠡᠭᠦᠵᠢᠯᠡᠨ ᠤᠭᠰᠠᠷᠠᠬᠤ ᠶᠢ ᠪᠡᠶᠡᠯᠡᠭᠦᠯᠵᠦ᠂ 2024 ᠣᠨ ᠤ ᠵᠢᠯ ᠤᠨ ᠡᠴᠦᠰ ᠲᠤ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠡᠭᠦᠷᠭᠡ ᠶᠢ ᠪᠡᠶᠡᠯᠡᠭᠦᠯᠦᠨ᠎ᠡ᠃    ᠮᠧᠩ ᠨᠧᠩ 150 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠦᠭᠰᠡᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ 1500 ᠰᠠᠶ᠎ᠠ ᠸᠠᠲ ᠪᠠᠶᠢᠵᠤ᠂ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠭᠰᠠᠨ ᠤ ᠳᠠᠷᠠᠭ᠎ᠠ᠂ ᠵᠢᠯ ᠤᠨ ᠲᠣᠤᠷ ᠲᠤ ᠭᠠᠷᠭᠠᠭᠰᠠᠨ ᠴᠠᠬᠢᠯᠭᠠᠨ ᠤ ᠬᠡᠮᠵᠢᠶ᠎ᠡ 454874.1 ᠲᠦᠮᠡᠨ ᠺᠢᠯᠣᠸᠠᠲ ᠴᠠᠭ ᠬᠦᠷᠪᠡ᠃ ᠢᠯᠴᠢ ᠶᠢᠨ ᠴᠠᠬᠢᠯᠭᠠᠨ ᠲᠠᠢ ᠬᠠᠷᠢᠴᠠᠭᠤᠯᠪᠠᠯ᠂ ᠵᠢᠯ ᠪᠦᠷᠢ ᠪᠠᠷᠢᠮᠵᠢᠶ᠎ᠠ ᠨᠡᠭᠦᠷᠡᠰᠦ ᠶᠢ ᠪᠠᠷᠤᠭ 137 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 408 ᠲᠦᠮᠡᠨ ᠲᠣᠨ ᠪᠠᠭᠠᠰᠬᠠᠵᠤ᠂ ᠪᠣᠭᠤᠮᠲᠠ ᠶᠢᠨ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠬᠡᠯᠪᠡᠷᠢ ᠶᠢᠨ ᠬᠤᠪᠢᠷᠠᠭᠤᠯᠤᠯᠲᠠ ᠶᠢ ᠳᠡᠮᠵᠢᠵᠦ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠳᠤ ᠦᠢᠯᠡᠴᠢᠯᠡᠬᠦ ᠶᠢᠨ ᠬᠠᠮᠲᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号