| ᠣᠳᠣᠬᠠᠨ ᠳᠤ ᠭᠤᠸ᠎ᠠ ᠵᠢᠮᠢᠰ ᠢᠳᠡᠰᠢᠨ ᠨᠣᠭᠤᠭ᠎ᠠ ᠡᠯᠪᠡᠭ ᠬᠤᠷᠢᠶᠠᠯᠲᠠ ᠶᠢᠨ ᠤᠯᠠᠷᠢᠯ ᠪᠠᠶᠢᠵᠤ᠂ ᠰᠠᠶᠢᠬᠤᠰᠤ | ᠭᠠᠴᠠᠭᠠᠨ ᠤ ᠨᠣᠭᠤᠭ᠎ᠠ ᠲᠠᠷᠢᠭᠴᠢᠳ ᠵᠢᠮᠢᠰ ᠨᠣᠭᠤᠭ᠎ᠠ ᠲᠡᠭᠦᠬᠦ ᠪᠠᠷ ᠶᠠᠭᠠᠷᠠᠯᠳᠤᠵᠤ᠂ ᠭᠠᠵᠠᠷ ᠪᠣᠯᠭᠠᠨ ᠳᠤ ᠡᠯᠪᠡᠭ | ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠵᠤ ᠪᠠᠶᠢᠯ᠎ᠠ᠃ | ᠢᠳᠡᠰᠢᠨ ᠨᠣᠭᠤᠭ᠎ᠠ ᠶᠢᠨ ᠬᠦᠯᠡᠮᠵᠢ ᠳᠣᠲᠣᠷ᠎ᠠ ᠲᠥᠪᠡᠳ ᠬᠠᠰᠢ ᠳᠡᠷᠢ ᠳᠡᠭᠰᠢ ᠵᠢᠭᠰᠠᠵᠤ᠂ ᠲᠥᠪᠡᠳ ᠬᠠᠰᠢ ᠳ᠋ᠧᠩᠯᠦ | ᠮᠡᠲᠦ ᠰᠠᠬᠤᠯᠠᠭ ᠰᠠᠭᠤᠵᠠᠢ᠃ | ᠡᠭᠦᠨ ᠤ ᠬᠠᠮᠲᠤ᠂ ᠬᠦᠯᠡᠮᠵᠢ ᠳᠤ ᠪᠠᠶᠢᠭ᠎ᠠ ᠥᠷᠭᠡᠰᠦᠲᠦ ᠬᠡᠮᠬᠡ᠂ ᠨᠠᠪᠴᠢᠨ ᠨᠣᠭᠤᠭ᠎ᠠ ᠶᠢᠨ ᠲᠥᠷᠥᠯ ᠴᠤ | ᠵᠠᠯᠭᠠᠭ᠎ᠠ ᠪᠠᠷ ᠪᠣᠯᠪᠠᠰᠤᠷᠠᠵᠤ᠂ ᠨᠣᠭᠤᠭ᠎ᠠ ᠶᠢᠨ ᠲᠠᠷᠢᠶᠠᠴᠢᠳ ᠶᠠᠭ ᠲᠡᠭᠦᠵᠦ ᠬᠤᠷᠢᠶᠠᠬᠤ ᠪᠠᠷ ᠶᠠᠭᠠᠷᠠᠯᠳᠤᠵᠤ᠂ ᠵᠠᠷᠢᠮ ᠨᠢ | ᠲᠡᠭᠦᠬᠦ᠂ ᠵᠠᠷᠢᠮ ᠨᠢ ᠢᠯᠭᠠᠬᠤ᠂ ᠵᠠᠷᠢᠮ ᠨᠢ ᠪᠣᠭᠤᠳᠠᠯᠯᠠᠵᠤ᠂ ᠭᠠᠵᠠᠷ ᠪᠣᠯᠭᠠᠨ ᠳᠤ ᠶᠠᠭᠠᠷᠠᠯᠲᠠᠢ ᠪᠠᠶᠢᠳᠠᠯ ᠢᠯᠡᠷᠡᠪᠡ᠃ ᠡᠯ᠎ᠡ | ᠲᠥᠷᠥᠯ ᠤᠨ ᠭᠤᠸ᠎ᠠ ᠵᠢᠮᠢᠰ ᠢᠳᠡᠰᠢᠨ ᠨᠣᠭᠤᠭ᠎ᠠ ᠶᠢ ᠵᠠᠪᠳᠤᠨ ︽ᠰᠣᠷᠭᠤᠭ︾ ᠢᠶᠠᠷ ᠵᠠᠬ᠎ᠠ ᠳᠡᠯᠭᠡᠭᠦᠷ ᠲᠤ ᠭᠠᠷᠭᠠᠵᠤ᠂ | ᠣᠯᠠᠨ ᠲᠦᠮᠡᠨ ᠤ ︽ᠬᠤᠯᠢᠰᠢᠨ ᠢᠳᠡᠭᠡᠨ︾ ᠢ ᠪᠠᠶᠠᠯᠢᠭᠵᠢᠭᠤᠯᠤᠭᠰᠠᠨ ᠮᠥᠷᠲᠡᠭᠡᠨ ᠪᠠᠰᠠ ᠨᠣᠭᠤᠭ᠎ᠠ ᠶᠢᠨ ᠲᠠᠷᠢᠶᠠᠴᠢᠨ ᠤ | ︽ᠵᠣᠭᠤᠰᠣᠨ ᠤᠭᠤᠲᠠ︾ ᠶᠢ ᠴᠤ ᠬᠥᠪᠴᠢᠯᠡᠭᠰᠡᠨ ᠪᠠᠶᠢᠨ᠎ᠠ᠃ | ᠰᠠᠶᠢᠬᠤᠰᠤ ᠭᠠᠴᠠᠭᠠᠨ ᠤ ᠢᠳᠡᠰᠢᠨ ᠨᠣᠭᠤᠭ᠎ᠠ ᠶᠢᠨ ᠲᠠᠷᠢᠶᠠᠴᠢᠨ ᠹᠦ᠋ ᠠ ᠹᠠᠩ ᠬᠡᠯᠡᠭᠰᠡᠨ ᠨᠢ᠄ ︽ᠡᠨᠡ ᠥᠷᠯᠥᠭᠡ | 200 ᠭᠠᠷᠤᠢ ᠵᠢᠩ ᠲᠥᠪᠡᠳ ᠬᠠᠰᠢ ᠳᠡᠬᠦᠵᠦ᠂ ᠮᠠᠷᠭᠠᠰᠢ ᠵᠠᠬ᠎ᠠ ᠳᠡᠯᠭᠡᠭᠦᠷ ᠳᠡᠭᠡᠷ᠎ᠡ ᠪᠣᠷᠣᠯᠠᠭᠤᠯᠣᠨᠠ᠃ ᠡᠨᠡ ᠵᠢᠯ 6 | ᠫᠧᠩ ᠲᠠᠷᠢᠵᠤ᠂ ᠥᠷᠭᠡᠰᠦᠲᠦ ᠬᠡᠮᠬᠡ᠂ ᠲᠥᠪᠡᠳ ᠬᠠᠰᠢ᠂ ᠨᠠᠪᠴᠢᠨ ᠲᠥᠷᠥᠯ ᠤᠨ ᠵᠢᠵᠢᠭ ᠨᠣᠭᠤᠭ᠎ᠠ ᠲᠠᠷᠢᠵᠤ᠂ ᠡᠨᠡ | ᠵᠢᠯ ᠤᠨ ᠦᠨ᠎ᠡ ᠬᠠᠩᠰᠢ ᠶᠢᠨ ᠪᠠᠶᠢᠳᠠᠯ᠂ ᠬᠤᠷᠢᠶᠠᠯᠲᠠ ᠮᠠᠰᠢ ᠰᠠᠶᠢᠨ ᠪᠠᠶᠢᠵᠤ᠂ ᠵᠢᠯ ᠤᠨ ᠣᠷᠣᠯᠭ᠎ᠠ ᠠᠷᠪᠠ ᠭᠠᠷᠤᠶ ᠲᠦᠮᠡ | ᠬᠦᠷᠦᠨ᠎ᠡ ︾ ᠭᠡᠪᠡ᠃ | ᠡᠨᠡ ᠵᠢᠯ ᠠᠴᠠ ᠨᠠᠰᠢ᠂ ᠰᠠᠶᠢᠬᠤᠰᠦ ᠭᠠᠴᠠᠭ᠎ᠠ ᠳᠠᠪᠠᠭᠤᠯᠢᠭ ᠲᠠᠭᠠᠨ ᠲᠦᠰᠢᠭᠯᠡᠨ᠂ ᠰᠡᠯᠡᠭᠦᠴᠡᠯ᠂ ᠲᠣᠭᠤᠷᠢᠨ ᠦᠵᠡᠬᠦ᠂ | ᠲᠡᠭᠦᠬᠦ᠂ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠣᠲᠣ ᠦᠶ᠎ᠡ ᠶᠢᠨ ᠤᠨᠴᠠᠯᠢᠬᠳᠤ ᠲᠠᠷᠢᠶᠠᠯᠠᠩ ᠢ | ᠶᠡᠬᠡᠪᠡᠷ ᠬᠥᠭᠵᠢᠭᠦᠯᠵᠦ᠂ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠠᠮ ᠢᠶᠠᠷ ᠵᠠᠮᠨᠠᠵᠤ᠂ | ᠳᠥᠷᠪᠡᠳᠦᠭᠡᠷ ᠬᠤᠭᠤᠴᠠᠭᠠᠨ ᠤ ᠵᠢᠮᠢᠰ ᠲᠡᠭᠦᠬᠦ ᠨᠠᠶᠢᠷ ᠢ ᠡᠷᠭᠢᠯᠡᠵᠦ᠂ ᠠᠮᠲᠠᠲᠤ ᠢᠳᠡᠭᠡᠨ᠂ ᠵᠤᠭ᠎ᠠ ᠴᠡᠩᠭᠡᠯ᠂ ᠰᠤᠳᠤᠯᠤᠨ | ᠰᠤᠷᠤᠯᠴᠠᠬᠤ᠂ ᠰᠡᠯᠡᠭᠦᠴᠡᠬᠦ ᠶᠢ ᠡᠭᠦᠨ ᠳᠤ ᠠᠭᠤᠰᠤᠯᠴᠠᠭᠤᠯᠵᠤ᠂ ᠵᠢᠭᠤᠯᠴᠢᠯᠠᠭᠴᠢᠳ ᠢ ︽ᠬᠥᠳᠡᠭᠡ ᠪᠠᠭᠤᠯᠭᠠᠬᠤ︾᠂ | ᠲᠠᠷᠢᠶᠠᠯᠠᠩ ᠤᠨ ᠪᠦᠲᠦᠭᠡᠭᠳᠡᠬᠦᠨ ᠢ ︽ᠬᠤᠲᠠ ᠳᠤ ᠣᠷᠣᠭᠤᠯᠬᠤ︾ ᠶᠢ ᠳᠡᠮᠵᠢᠵᠦ᠂ ᠣᠯᠠᠨ ᠲᠦᠮᠡᠨ ᠤ ︽ᠢᠳᠡᠰᠢᠨ | ᠨᠣᠭᠤᠭ᠎ᠠ︾ ᠶᠢ ᠪᠠᠶᠠᠯᠢᠭᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ |