1 ᠰᠠᠷ᠎ᠠ ᠶᠢᠨ 9 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ | ᠬᠤᠭᠤᠴᠠᠭᠠᠨ ᠤ ᠬᠤᠷᠢᠶ᠎ᠠ ᠶᠢᠨ ᠳᠥᠴᠢᠨ ᠭᠤᠷᠪᠠᠳᠤᠭᠠᠷ ᠤᠳᠠᠭᠠᠨ ᠤ ᠲᠡᠷᠢᠭᠦᠯᠡᠭᠴᠢᠳ ᠤᠨ ᠬᠤᠷᠠᠯ ᠬᠤᠷᠠᠯᠳᠤᠪᠠ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠬᠤᠷᠠᠯ ᠢ ᠡᠷᠭᠢᠯᠡᠵᠦ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠫᠢᠩ ᠸᠠᠩ᠂ ᠰᠢᠯᠢᠨᠪᠠᠭᠠᠳᠣᠷ᠂ ᠢᠦᠶ ᠬᠤᠩ ᠯᠢ᠂ | ᠨᠠᠷᠠᠰᠤ᠂ ᠵᠠᠩ ᠴᠦᠨ ᠬᠤᠸᠠᠨ᠂ ᠶᠤᠸᠠᠢ ᠰᠢ ᠬᠤᠸᠠ᠂ ᠬᠠᠰᠬᠦᠣ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠹᠠᠨ ᠭᠤᠤ ᠶᠤᠸᠠᠨ ᠬᠤᠷᠠᠯ ᠳᠤ ᠣᠷᠣᠯᠴᠠᠪᠠ᠃ | ᠬᠤᠷᠠᠯ ᠠᠴᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠴᠢᠨ | ᠭᠤᠷᠪᠠᠳᠤᠭᠠᠷ ᠤᠳᠠᠭᠠᠨ ᠤ ᠲᠡᠷᠢᠭᠦᠯᠡᠭᠴᠢᠳ ᠤᠨ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ︔ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ | ᠶᠡᠷᠦᠩᠬᠡᠶ ᠪᠢᠯᠧᠲ ᠬᠢᠨᠠᠭᠴᠢ᠂ ᠳᠡᠳ᠋ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ︵ᠲᠥᠰᠦᠯ︶︔ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ | ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠲᠡ ︵ᠲᠥᠰᠦᠯ︶︔ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ | ᠰᠢᠢᠳᠪᠦᠷᠢ ︵ᠲᠥᠰᠦᠯ︶᠃ |