| | | 1 ᠰᠠᠷ᠎ᠠ ᠶᠢᠨ 9 ᠤ ᠦᠳᠡ ᠶᠢᠨ ᠬᠤᠶᠢᠨ᠎ᠠ᠂ ᠡᠷᠢᠶᠡᠨ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠲᠡᠷᠢᠭᠦᠯᠡᠭᠴᠢᠳ ᠤᠨ | ᠪᠦᠯᠬᠦᠮ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠸᠠᠩ ᠰᠠᠨ ᠱᠢ᠂ ᠮᠠ ᠬᠠᠢ ᠲᠤᠤ᠂ ᠶᠠᠨ | ᠬᠤᠩ᠂ ᠶᠠᠩ ᠶᠢᠨ ᠷᠦᠢ᠂ ᠾᠧᠦ ᠶᠠᠨ ᠮᠢᠨ᠂ ᠭᠧᠩ ᡁᠢ ᠵᠢᠶᠦ᠋ᠨ᠂ ᠵᠠᠩ ᠺᠠᠢ ᠳ᠋ᠦᠩ᠂ ᠵᠠᠩ ᠯᠢ ᠴᠧᠩ᠂ ᠵᠠᠩ | ᠶᠦᠩ ᡁᠢ᠂ ᠪᠠᠢ ᠱᠤ᠋ ᠮᠢᠩ᠂ ᠸᠠᠩ ᠵᠢᠩ᠂ ᠯᠢ ᠯᠢᠩ ᠬᠠᠨ᠂ ᠯᠢᠦ ᡁᠢ ᠮᠢᠩ᠂ ᠮᠦᠩᠬᠡᠸ᠋ᠴᠢᠷ᠂ ᠱᠢ ᠵᠢᠶᠦ᠋ᠨ᠂ | ᠸᠠᠩ ᠸᠧᠨ ᠤ ᠬᠤᠷᠠᠯ ᠳᠤ ᠣᠷᠣᠯᠴᠠᠪᠠ᠃ | ᠬᠤᠷᠠᠯ ᠳᠤ ᠣᠷᠣᠯᠴᠠᠬᠤ ᠶᠣᠰᠣᠲᠠᠶ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 19 ᠬᠥᠮᠦᠨ᠂ | ᠪᠣᠳᠠᠲᠠᠶ ᠣᠷᠣᠯᠴᠠᠭᠰᠠᠨ ᠨᠢ 16 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ | ᠨᠡᠶᠢᠴᠡᠨ᠎ᠡ᠃ | ᠬᠤᠷᠠᠯ ᠢ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠶᠠᠨ ᠬᠤᠩ ᠡᠷᠬᠢᠯᠡᠪᠡ᠃ | ᠬᠤᠷᠠᠯ ᠠᠴᠠ ᠡᠯ᠎ᠡ ᠲᠥᠯᠥᠭᠡᠯᠡᠭᠴᠢᠳ ᠤᠨ ᠪᠦᠯᠬᠦᠮ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ | 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ᠂ 2024 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ | ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ᠂ 2024 ᠣᠨ ᠤ ᠡᠳ᠋ ᠤᠨ ᠵᠠᠰᠠᠭ ᠤᠨ ᠲᠥᠰᠦᠪ ᠢ | ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠢ ᠬᠢᠨᠠᠨ | ᠵᠥᠪᠯᠡᠭᠰᠡᠨ ᠮᠡᠳᠡᠭᠦᠯᠦᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠡᠯ᠎ᠡ | ᠲᠥᠯᠥᠭᠡᠯᠡᠭᠴᠢᠳ ᠤᠨ ᠪᠦᠯᠬᠦᠮ ᠤᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠪᠠ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠢᠯᠧᠲ ᠥᠭᠴᠦ ᠪᠠᠲᠤᠯᠠᠬᠤ ᠠᠷᠭ᠎ᠠ ︵ᠲᠥᠰᠦᠯ︶ ᠶᠢ | ᠪᠠᠲᠤᠯᠠᠭᠰᠠᠨ ᠪᠥᠭᠡᠳ ᠡᠨᠡ ᠬᠤᠶᠠᠷ ᠠᠷᠭ᠎ᠠ ︵ᠲᠥᠰᠦᠯ︶ ᠶᠢ ᠪᠠᠲᠤᠯᠠᠵᠤ᠂ ᠶᠡᠭᠡ ᠬᠤᠷᠠᠯ ᠤᠨ ᠬᠤᠶᠠᠳᠤᠭᠠᠷ | ᠪᠦᠬᠦᠳᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ᠃ ᠬᠤᠲᠠ ᠶᠢᠨ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ | ᠵᠥᠪᠯᠡᠯ ᠤᠨ ᠡᠷᠬᠢᠯᠡᠭᠴᠢ ᠭᠡᠰᠢᠭᠦᠨ ᠤ ᠨᠡᠷᠡᠰ ︵ᠲᠥᠰᠦᠯ︶᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠬᠢᠯᠡᠭᠴᠢ ᠭᠡᠰᠢᠭᠦᠨ ᠤ | ᠨᠡᠷᠡᠰ ︵ᠲᠥᠰᠦᠯ︶ ᠢ ᠳᠤᠷᠠᠳᠤᠭᠰᠠᠨ ᠪᠥᠭᠡᠳ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠵᠦ ᠬᠢᠨᠠᠨ | ᠵᠥᠪᠯᠡᠭᠦᠯᠬᠦ ᠪᠠᠷ ᠲᠣᠭᠲᠠᠪᠠ᠃ |