| | ᠵᠢᠷᠤᠭ ᠲᠥᠯᠥᠪᠯᠡᠭᠡ ᠬᠥᠮᠦᠰ ᠢ ᠤᠷᠮᠠᠰᠢᠭᠤᠯᠤᠨ ᠤᠷᠤᠭᠰᠢᠯᠠᠭᠤᠯᠵᠤ᠂ ᠬᠥᠭᠵᠢᠯᠲᠡ ᠶᠢᠨ ᠡᠭᠦᠷᠭᠡ | ᠬᠠᠷᠢᠭᠤᠴᠠᠯᠭ᠎ᠠ ᠮᠥᠷᠥᠨ ᠳᠡᠭᠡᠷ᠎ᠡ ᠪᠠᠨ ᠪᠠᠶᠢᠨ᠎ᠠ᠃ 1 ᠰᠠᠷ᠎ᠠ ᠶᠢᠨ 9 ᠤ ᠡᠳᠦᠷ᠂ ᠬᠤᠲᠠ ᠶᠢᠨ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ 4 | ᠲᠥᠯᠥᠭᠡᠯᠡᠭᠴᠢᠳ ᠤᠨ ᠪᠦᠯᠬᠦᠮ ᠬᠤᠪᠢᠶᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠵᠡᠷᠭᠡ ᠠᠭᠤᠯᠭ᠎ᠠ ᠶᠢ ᠬᠢᠨᠠᠨ ᠵᠥᠪᠯᠡᠵᠦ᠂ ᠣᠯᠠᠨ ᠢᠶᠠᠷ ᠢᠶᠠᠨ ᠲᠣᠰ ᠪᠡᠶ᠎ᠡ ᠶᠢᠨ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠬᠥᠭᠵᠢᠯᠲᠡ ᠶᠢᠨ ᠦᠷ᠎ᠡ ᠪᠦᠲᠦᠭᠡᠯ ᠢᠶᠠᠨ ᠠᠭᠤᠵᠢᠷᠠᠲᠠᠯ᠎ᠠ ᠶᠠᠷᠢᠯᠴᠠᠵᠤ᠂ | ᠬᠥᠭᠵᠢᠯᠲᠡ ᠶᠢᠨ ᠵᠢᠷᠤᠭ ᠲᠥᠯᠥᠪᠯᠡᠭᠡ ᠪᠠᠨ ᠬᠠᠮᠲᠤ ᠪᠠᠷ ᠵᠢᠷᠤᠭᠯᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ | ᠬᠠᠮᠲᠤ ᠪᠠᠷ ᠵᠥᠪᠯᠡᠪᠡ᠃ | | | | | | | ᠨᠢᠭᠡᠳᠦᠭᠡᠷ ᠪᠠ ᠬᠤᠶᠠᠳᠤᠭᠠᠷ ᠶᠠᠷᠢᠯᠴᠠᠬᠤ ᠪᠦᠯᠬᠦᠮ ᠳᠤ᠂ ᠲᠥᠯᠥᠭᠡᠯᠡᠭᠴᠢᠳ ᠪᠤᠳᠤᠭᠰᠠᠨ ᠢᠶᠠᠨ ᠠᠭᠤᠵᠢᠷᠠᠲᠠᠯ᠎ᠠ | ᠶᠠᠷᠢᠵᠤ᠂ ᠪᠣᠭᠤᠮᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠪᠣᠳᠠᠲᠤ | ᠬᠡᠷᠡᠭ ᠢᠶᠠᠷ ᠶᠠᠷᠢᠶ᠎ᠠ ᠲᠠᠯᠪᠢᠵᠤ᠂ ᠲᠤᠭ᠎ᠠ ᠪᠠᠷᠢᠮᠲᠠ ᠪᠠᠷ ᠰᠢᠯᠭᠠᠯᠲᠠ ᠲᠤᠰᠢᠶᠠᠵᠤ᠂ ᠥᠩᠭᠡᠷᠡᠭᠰᠡᠨ ᠨᠢᠭᠡ ᠵᠢᠯ ᠳᠤ | ᠣᠯᠤᠭᠰᠠᠨ ᠠᠮᠵᠢᠯᠲᠠ ᠪᠠᠨ ᠳ᠋ᠦᠩᠨᠡᠨ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠭᠤᠤᠯᠳᠠᠯᠭ᠎ᠠ ᠨᠢ | ᠲᠣᠪᠤᠶᠢᠮ᠎ᠠ ᠪᠠᠶᠢᠨ᠎ᠠ ᠭᠡᠵᠦ ᠰᠠᠨᠠᠯ ᠨᠢᠭᠡᠲᠡᠶ ᠦᠵᠡᠪᠡ᠃ ᠢᠷᠡᠭᠡᠳᠦᠢ ᠶᠢᠨ ᠲᠤᠬᠠᠢ ᠪᠠᠷᠠᠯᠠᠯ ᠲᠣᠳᠣᠷᠬᠠᠢ᠂ ᠬᠠᠷᠠᠯᠲᠠ | ᠲᠣᠳᠣᠷᠬᠠᠢ ᠪᠠᠶᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ᠂ ᠬᠥᠮᠦᠰ ᠢ ᠵᠣᠷᠢᠭᠵᠢᠭᠤᠯᠤᠭᠰᠠᠨ᠂ | ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠰᠠᠶᠢᠨ ᠢᠯᠡᠳᠬᠡᠯ ᠪᠣᠯᠤᠨ᠎ᠠ᠃ ᠡᠨᠡ ᠬᠦ ᠬᠦᠨᠳᠦ ᠨᠦᠰᠡᠷ ᠬᠢᠷᠢ | ᠪᠦᠲᠦᠮᠵᠢ ᠶᠢᠨ ᠬᠠᠭᠤᠳᠠᠰᠤ᠂ ᠵᠠᠮ ᠱᠤᠭᠤᠮ ᠤᠨ ᠵᠢᠷᠤᠭ ᠢ ᠬᠦᠷᠢᠶᠡᠯᠡᠵᠦ ᠪᠠᠶᠢᠬᠤ ᠶᠢ ᠨᠢᠭᠡᠳᠦᠯᠲᠡᠢ ᠮᠡᠳᠡᠷᠡᠵᠦ | ᠪᠠᠶᠢᠨ᠎ᠠ᠂ ᠤᠯᠠᠨ ᠢᠶᠠᠷ ᠢᠶᠠᠨ ᠪᠣᠭᠤᠮᠲᠠ ᠶᠢᠨ ᠢᠷᠡᠭᠡᠳᠦᠢ ᠶᠢᠨ ᠬᠥᠭᠵᠢᠯᠲᠡ ᠳᠤ ᠢᠲᠡᠭᠡᠯ ᠲᠡᠭᠦᠯᠳᠡᠷ ᠪᠠᠶᠢᠨ᠎ᠠ᠃ | ᠭᠤᠷᠪᠠᠳᠤᠭᠠᠷ ᠳᠥᠷᠪᠡᠳᠦᠭᠡᠷ ᠶᠠᠷᠢᠯᠴᠠᠬᠤ ᠪᠦᠯᠬᠦᠮ ᠤᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ | ᠬᠥᠭᠵᠢᠶᠡᠨᠲᠡᠢ ᠪᠠᠶᠢᠵᠤ᠂ ᠲᠥᠯᠥᠭᠡᠯᠡᠭᠴᠢᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠪᠡᠷ ᠥᠪᠡᠷ ᠤᠨ | ᠰᠠᠨᠠᠯ ᠢᠶᠠᠨ ᠶᠠᠷᠢᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠪᠠ᠃ ᠤᠯᠠᠨ ᠢᠶᠠᠷ ᠢᠶᠠᠨ ᠰᠠᠨᠠᠯ ᠨᠢᠭᠡᠲᠡᠢ | ᠦᠵᠡᠭᠰᠡᠨ ᠨᠢ᠂ 2024 ᠣᠨ ᠤ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠠᠮᠵᠢᠯᠲᠠ ᠪᠦᠲᠦᠮᠵᠢ | ᠪᠠᠶᠠᠷᠯᠠᠭᠤᠰᠢᠲᠠᠢ᠂ ᠬᠥᠮᠦᠰ ᠢ ᠵᠣᠷᠢᠭᠵᠢᠭᠤᠯᠵᠤ᠂ ᠲᠦᠷᠦᠯ ᠵᠦᠢᠯ ᠢ ᠠᠳᠬᠤᠨ ᠠᠵᠢᠯᠯᠠᠭᠠᠨ ᠢ | ᠲᠣᠭᠲᠠᠪᠤᠷᠢᠵᠢᠭᠤᠯᠬᠤ᠂ ᠠᠵᠤ ᠦᠢᠯᠡᠰ ᠢ ᠠᠳᠬᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠰᠠᠭᠤᠷᠢ ᠶᠢ | ᠪᠠᠲᠤᠳᠬᠠᠨ ᠳᠤᠲᠠᠭᠤᠳᠠᠯ ᠢ ᠨᠥᠬᠦᠪᠥᠷᠢᠯᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠤᠯᠠᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠵᠤ᠂ | ᠲᠥᠯᠥᠭᠡᠯᠡᠭᠴᠢᠳ ᠤᠨ ᠪᠣᠭᠤᠮᠲᠠ ᠶᠢᠨ ᠢᠷᠡᠭᠡᠳᠦᠢ ᠳᠤ ᠢᠲᠡᠭᠡᠯ ᠪᠠ ᠬᠦᠰᠡᠯ ᠡᠷᠡᠮᠡᠯᠵᠡᠯ ᠳᠦᠭᠦᠷᠡᠩ ᠪᠠᠶᠢᠨ᠎ᠠ᠃ | |