【 ᠬᠤᠶᠠᠷ ᠬᠤᠷᠠᠯ ᠳᠡᠭᠡᠷ᠎ᠡ ᠲᠦᠪᠯᠡᠷᠡᠬᠦᠯᠬᠦ 】 ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2025/1/10
   ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠣᠷᠣᠭᠰᠢᠯᠠᠨ ᠳᠠᠪᠰᠢᠬᠤ ᠬᠦᠴᠦᠨ ᠴᠢᠳᠠᠯ ᠢ ᠨᠢᠭᠳᠠᠷᠠᠭᠤᠯᠵᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠴᠠᠭ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠶ᠎ᠠ᠃ 1 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠵᠠᠰᠠᠭ ᠵᠠᠬᠢᠷᠭᠠᠨ ᠤ ᠲᠥᠪ ᠤᠨ ᠮᠡᠳᠡᠭᠦᠯᠦᠯᠲᠡ ᠶᠢᠨ ᠲᠢᠩᠬᠢᠮ ᠳᠤ ᠦᠪᠡᠳᠡᠭᠰᠢ ᠶᠡᠭᠡ ᠪᠠᠷ ᠡᠬᠢᠯᠡᠪᠡ᠃ ᠪᠥᠬᠦ ᠬᠤᠲᠠ ᠶᠢᠨ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠳᠠᠷᠬᠠᠨ ᠡᠭᠦᠷᠭᠡ ᠪᠠᠨ ᠡᠭᠦᠷᠭᠡᠯᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠠᠷᠠᠳ ᠤᠨ ᠲᠥᠯᠥᠭᠡ ᠭᠡᠬᠦ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠪᠣᠭᠤᠮᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠢᠭᠠᠵᠤ ᠭᠠᠷᠭᠠᠪᠠ᠃
   ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠸᠠᠩ ᠰᠠᠨ ᠱᠢ᠂ ᠮᠠ ᠬᠠᠢ ᠲᠤᠤ᠂ ᠶᠠᠨ ᠬᠤᠩ᠂ ᠴᠣᠭᠵᠢᠯ᠂ ᠶᠠᠩ ᠶᠢᠨ ᠷᠦᠢ᠂ ᠵᠠᠩ ᠶᠦᠩ ᡁᠢ᠂ ᠸᠠᠩ ᠵᠢᠩ᠂ ᠯᠢ ᠯᠢᠩ ᠬᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃
   ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠾᠧᠦ ᠶᠠᠨ ᠮᠢᠨ᠂ ᠭᠧᠩ ᡁᠢ ᠵᠢᠶᠦ᠋ᠨ᠂ ᠵᠠᠩ ᠺᠠᠢ ᠳ᠋ᠦᠩ᠂ ᠵᠠᠩ ᠯᠢ ᠴᠧᠩ᠂ ᠪᠠᠢ ᠱᠤ᠋ ᠮᠢᠩ᠂ ᠯᠢᠦ ᡁᠢ ᠮᠢᠩ᠂ ᠮᠦᠩᠬᠡᠸ᠋ᠴᠢᠷ᠂ ᠱᠢ ᠵᠢᠶᠦ᠋ᠨ᠂ ᠸᠠᠩ ᠸᠧᠨ ᠶᠢᠨ ᠵᠡᠷᠭᠡ ᠪᠤᠢ᠃
      ᠶᠡᠭᠡ ᠬᠤᠷᠠᠯ ᠢ ᠶᠠᠨ ᠬᠤᠩ ᠡᠷᠬᠢᠯᠡᠪᠡ᠃    ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 141 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 125 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃    ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠶᠡᠭᠡ ᠬᠤᠷᠠᠯ ᠡᠬᠢᠯᠡᠪᠡ᠃    ᠮᠠ ᠬᠠᠢ ᠲᠤᠤ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ    ᠢᠯᠡᠳᠭᠡᠯ ᠳᠤ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠢᠮᠠᠭᠲᠠ ᠨᠢᠭᠡ ᠭᠤᠤᠯ ᠰᠢᠵᠢᠮ ᠢ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠲᠣᠭᠲᠠᠭᠠᠵᠤ᠂ ︽ᠬᠤᠶᠠᠷ ᠶᠡᠭᠡ ᠶᠠᠪᠤᠳᠠᠯ︾ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠨᠠᠷᠢᠯᠢᠭ ᠨᠠᠶᠢᠳᠠᠪᠤᠷᠢᠵᠢᠭᠤᠯᠵᠤ᠂ ᠪᠣᠭᠤᠮᠲᠠ ᠶᠢᠨ ᠬᠥᠭᠵᠢᠯᠲᠡ ᠶᠢᠨ ᠬᠠᠨᠳᠤᠰᠢ ᠤᠯᠠᠮ ᠠᠴᠠ ᠤᠯᠠᠮ ᠰᠠᠶᠢᠵᠢᠷᠠᠵᠤ᠂ ᠠᠮᠢᠵᠢᠷᠠᠯ ᠤᠨ ᠬᠦᠴᠦᠨ ᠤᠯᠠᠮ ᠠᠴᠠ ᠤᠯᠠᠮ ᠴᠢᠩᠭᠠᠷᠠᠵᠤ᠂ ᠡᠷᠴᠢ ᠵᠣᠷᠢᠭ ᠤᠯᠠᠮ ᠠᠴᠠ ᠤᠯᠠᠮ ᠲᠡᠭᠦᠯᠳᠡᠷ ᠪᠣᠯᠪᠠ᠃ ᠨᠢᠭᠡ ᠵᠢᠯ ᠤᠨ ᠲᠤᠷᠰᠢ᠂ ᠪᠥᠬᠦ ᠬᠦᠴᠦᠨ ᠢᠶᠠᠷ ᠢᠶᠠᠨ ᠠᠵᠤ ᠠᠬᠤᠶ ᠶᠢ ᠠᠳᠬᠤᠵᠤ᠂ ᠬᠥᠭᠵᠢᠯᠲᠡ ᠶᠢ ᠡᠷᠢᠯᠬᠢᠯᠡᠨ᠂ ᠰᠠᠶᠢᠵᠢᠷᠠᠯᠲᠠ ᠶᠢᠨ ᠪᠠᠶᠢᠳᠠᠯ ᠦᠷᠭᠦᠯᠵᠢᠯᠡᠨ ᠲᠣᠭᠲᠠᠭᠤᠨ ᠪᠣᠯᠪᠠ︔ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠡᠭᠡᠭᠡᠯᠲᠡ ᠬᠢᠬᠦ ᠶᠢ ᠠᠳᠬᠤᠵᠤ᠂ ᠴᠢᠳᠠᠪᠤᠷᠢ ᠶᠢᠨ ᠲᠠᠰ ᠢ ᠳᠡᠭᠡᠭᠰᠢᠯᠡᠭᠦᠯᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠪᠠ︔ ᠲᠡᠰ ᠳᠡᠪᠰᠢᠭᠦᠯᠬᠦ ᠶᠢ ᠴᠥᠬᠦᠷᠡᠰᠢ ᠦᠭᠡᠢ ᠠᠳᠬᠤᠵᠤ᠂ ᠬᠡᠪᠴᠢᠶ᠎ᠡ ᠶᠢ ᠴᠢᠩᠭᠠᠷᠠᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠪᠡ︔ ᠠᠮᠢ ᠠᠬᠤᠢ ᠶᠢ ᠲᠦᠷᠭᠡᠨ ᠪᠥᠭᠡᠳ ᠯᠠᠪᠳᠠᠭᠤᠨ ᠢᠶᠠᠷ ᠠᠳᠬᠤᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠶᠢ ᠠᠬᠢᠭᠤᠯᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠢ ᠤᠯᠠᠮ ᠠᠴᠠ ᠤᠯᠠᠮ ᠦᠵᠡᠰᠬᠦᠯᠡᠩᠲᠦ ᠰᠠᠶᠢᠬᠠᠨ ᠪᠣᠯᠭᠠᠨ᠎ᠠ︔ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠠᠳᠬᠤᠵᠤ᠂ ᠠᠵᠠ ᠵᠢᠷᠭᠠᠯ ᠢ ᠨᠡᠮᠡᠭᠳᠡᠭᠦᠯᠦᠨ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠢᠯᠡᠭᠦᠦ ᠠᠷᠠᠳ ᠲᠤ ᠠᠰᠢᠭ ᠬᠦᠷᠲᠡᠭᠡᠪᠡ︔ ᠥᠩᠭᠡᠷᠡᠭᠰᠡᠨ ᠲᠠᠢ ᠪᠠᠨ ᠠᠳᠠᠯᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃    ᠢᠯᠡᠳᠬᠡᠯ ᠳᠤ᠂ 2025 ᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠤᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠦᠢᠯᠡᠴᠢᠯᠡᠬᠦ ᠪᠠ ᠠᠭᠤᠰᠤᠯᠴᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠴᠢᠩᠭᠠᠳᠬᠠᠵᠤ᠂ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠢᠭ᠎ᠠ ᠱᠤᠭᠤᠮ ᠢ ᠪᠠᠲᠤ ᠰᠠᠬᠢᠵᠤ᠂ ᠬᠤᠪᠢᠷᠠᠯᠲᠠ ᠶᠢ ᠠᠷᠭᠠᠴᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠪᠣᠭᠤᠮᠲᠠ ᠶᠢᠨ ᠤᠨᠴᠠᠯᠢᠬᠳᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃    ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 8% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 15% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 3% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 4.5% ᠣᠷᠴᠢᠮ ᠨᠡᠮᠡᠭᠳᠡᠭᠦᠯᠦᠨ᠎ᠡ︔ ᠮᠠᠯᠴᠢᠨ ᠲᠠᠷᠢᠶᠠᠴᠢᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 5. 5% ᠣᠷᠴᠢᠮ ᠨᠡᠮᠡᠭᠳᠡᠭᠦᠯᠦᠨ᠎ᠡ᠃    ᠢᠯᠡᠳᠬᠡᠯ ᠳᠤ ᠴᠢᠬᠤᠯᠠᠴᠢᠯᠠᠭᠰᠠᠨ ᠨᠢ᠂ ᠳᠠᠷᠠᠭᠠᠴᠢ ᠶᠢᠨ ᠠᠯᠬᠤᠮ ᠤᠨ ᠠᠵᠢᠯ ᠨᠢ ᠤᠮᠠᠷᠠᠰᠢ ᠨᠡᠭᠡᠭᠡᠯᠲᠡ ᠬᠢᠵᠦ ᠭᠦᠨᠵᠡᠭᠡᠢ ᠰᠢᠪᠲᠤᠯᠤᠯᠲᠠ ᠬᠢᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠬᠤ ᠲᠠᠯ᠎ᠠ ᠪᠠᠷ ᠰᠢᠪᠲᠤᠯᠤᠯᠲᠠ ᠬᠢᠵᠦ᠂ ᠪᠣᠳᠠᠲᠤ ᠦᠷ᠎ᠡ ᠪᠦᠲᠦᠮᠵᠢ ᠣᠯᠵᠤ᠂ ᠨᠡᠩ ᠥᠨᠳᠥᠷ ᠡᠨᠧᠷᠭᠢ ᠶᠢᠨ ᠳᠡᠰ ᠤᠨ ᠲᠠᠪᠴᠠᠩ ᠢ ᠪᠠᠶᠢᠭᠤᠯᠵᠤ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠣᠰ ᠴᠢᠭᠯᠡᠯ ᠢᠶᠠᠷ ᠨᠡᠭᠡᠭᠡᠯᠲᠡ ᠬᠢᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠲᠠᠯ᠎ᠠ ᠪᠠᠷ ᠡᠮᠦᠨ᠎ᠡ ᠨᠢ ᠶᠠᠪᠤᠵᠤ᠂ ᠵᠣᠷᠢᠭᠲᠠᠢ ᠪᠠᠷ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠥᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠦᠴᠦᠯᠡᠨ ᠠᠬᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠬᠦᠴᠦᠯᠡᠨ ᠬᠥᠭᠵᠢᠭᠡᠬᠦ ᠬᠡᠷᠡᠭᠲᠡᠢ︔ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠨ ᠦᠷᠭᠦᠯᠵᠢᠯᠡᠨ ᠪᠣᠭᠤᠮᠲᠠ ᠰᠢᠪᠲᠤᠯᠵᠤ᠂ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠲᠠᠯ᠎ᠠ ᠪᠠᠷ ᠪᠦᠲᠦᠴᠡ ᠶᠢ ᠰᠢᠯᠢᠳᠡᠭᠵᠢᠭᠦᠯᠵᠦ᠂ ᠣᠨᠴᠠᠯᠢᠭ ᠢ ᠴᠢᠩᠭᠠᠳᠬᠠᠵᠤ᠂ ᠤᠯᠠᠨ ᠤᠯᠤᠰ ᠤᠨ ᠠᠷᠠᠯᠵᠢᠶᠠᠨ ᠤ ᠪᠠᠷᠠᠭᠠᠨ ᠤ ᠭᠦᠢᠯᠭᠡᠭᠡᠨ ᠤ ᠦᠢᠯᠡᠰ ᠤᠨ ᠳᠠᠶᠢᠴᠢᠯᠠᠬᠤ ᠬᠦᠴᠦᠨ ᠢ ᠴᠢᠩᠭᠠᠷᠠᠭᠤᠯᠵᠤ᠂ ᠠᠷᠢᠭᠤᠨ ᠴᠡᠪᠡᠷ ᠡᠨᠧᠷᠭᠢ ᠶᠢᠨ ᠢᠷᠡᠯᠲᠡ ᠶᠢᠨ ᠦᠢᠯᠡᠰ ᠢ ᠳᠠᠶᠢᠴᠢᠯᠠᠬᠤ ᠬᠦᠴᠦᠨ ᠢ ᠴᠢᠩᠭᠠᠷᠠᠭᠤᠯᠵᠤ᠂ ᠬᠢᠯᠢ ᠬᠢᠵᠠᠭᠠᠷ ᠤᠨ ᠰᠣᠶᠣᠯ ᠵᠢᠭᠤᠯᠴᠢᠯᠠᠯ ᠤᠨ ᠦᠢᠯᠡᠰ ᠤᠨ ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠢ︔ ᠣᠷᠣᠰᠢᠨ ᠰᠠᠭᠤᠬᠤ ᠳᠤ ᠲᠣᠬᠢᠷᠠᠮᠵᠢᠲᠠᠢ ᠪᠦᠭᠡᠳ ᠤᠨᠤᠴᠠᠲᠠᠢ ᠪᠣᠭᠤᠮᠲᠠ ᠰᠢᠪᠲᠤᠯᠵᠤ᠂ ᠬᠤᠳᠠ ᠬᠥᠳᠡᠭᠡ ᠶᠢᠨ ᠠᠭᠤᠰᠤᠯᠴᠠᠯ ᠢ ᠪᠡᠶᠡᠯᠡᠭᠦᠯᠬᠦ ᠳᠡᠭᠡᠷ᠎ᠡ ᠬᠠᠮᠲᠤ ᠪᠠᠷ ᠲᠥᠯᠥᠪᠵᠢᠭᠦᠯᠵᠦ᠂ ᠬᠠᠮᠲᠤ ᠪᠠᠷ ᠬᠦᠴᠦᠯᠡᠵᠦ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠬᠤᠳᠠ ᠶᠢᠨ ᠴᠢᠳᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠨ᠎ᠡ︔ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠤᠷᠳᠤ ᠬᠤᠭᠤᠴᠠᠭ᠎ᠠ ᠪᠠᠷ ᠪᠣᠭᠤᠮᠲᠠ ᠰᠢᠪᠲᠤᠯᠵᠤ᠂ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠯᠢᠭᠡᠷ ᠳᠠᠭᠤᠷᠢᠶᠠᠯ ᠪᠤᠯᠵᠤ᠂ ᠦᠨᠡᠨᠴᠢ ᠰᠢᠳᠤᠷᠭᠤ ᠰᠡᠳᠬᠢᠯ ᠢᠶᠠᠨ ᠡᠭᠦᠷᠢᠳᠡ ᠪᠠᠲᠤᠯᠠᠵᠤ᠂ ᠬᠠᠤᠯᠢᠵᠢᠯ ᠤᠨ ᠲᠣᠭᠲᠠᠭᠠᠯ ᠢ ᠴᠢᠩᠭ᠎ᠠ ᠰᠠᠬᠢᠵᠤ᠂ ᠡᠷᠡᠯᠬᠡᠭᠯᠡᠨ ᠤᠷᠤᠭᠰᠢᠯᠠᠬᠤ ᠬᠡᠪ ᠰᠤᠷᠲᠠᠯ ᠢ ᠪᠠᠳᠠᠷᠠᠭᠤᠯᠬᠤ ᠬᠡᠷᠡᠭᠲᠡᠢ᠃    ᠮᠡᠳᠡᠭᠦᠯᠦᠯᠲᠡ ᠳᠤ᠂ ᠬᠢᠯᠢ ᠶᠢᠨ ᠪᠣᠭᠤᠮᠲᠠ ᠳᠤ ᠡᠷᠡᠯᠬᠡᠭᠯᠡᠨ ᠤᠷᠤᠭᠰᠢᠯᠠᠬᠤ ᠲᠤᠬᠠᠢ ᠶᠢᠨ ᠦᠶ᠎ᠡ ᠳᠤ ᠪᠣᠳᠠᠲᠠᠢ ᠠᠵᠢᠯᠯᠠᠨ ᠰᠢᠨ᠎ᠡ ᠬᠠᠭᠤᠳᠠᠰᠤ ᠶᠢ ᠨᠡᠭᠡᠭᠡᠬᠦ ᠪᠠᠷ ᠴᠢᠷᠮᠠᠶᠢᠬᠤ ᠬᠡᠷᠡᠭᠲᠡᠢ ᠭᠡᠵᠦ ᠤᠷᠢᠶᠠᠯᠠᠪᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠣᠳᠠᠲᠠᠢ ᠶᠢ ᠡᠷᠬᠢᠮᠯᠡᠨ ᠬᠦᠨᠳᠦ ᠠᠵᠢᠯᠯᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠡᠷᠢᠶᠡᠨ ᠬᠤᠳᠠ ᠶᠢᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠨᠡᠭᠡᠭᠡᠶ᠎ᠡ︕    ᠬᠤᠷᠠᠯ ᠠᠴᠠ ᠪᠠᠰᠠ ︽2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠰᠣᠨᠣᠰᠴᠤ᠂ ︽2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ︾᠂ ︽2024 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ︾ ᠶᠢ ᠬᠢᠨᠠᠨ ᠵᠥᠪᠯᠡᠪᠡ᠃    ᠲᠣᠰ ᠤᠳᠠᠭᠠᠨ ᠤ ᠪᠥᠬᠦᠳᠡ ᠬᠤᠷᠠᠯ ᠳᠤ ᠰᠤᠯᠠ ᠣᠷᠣᠯᠴᠠᠭᠰᠠᠨ ᠪᠠᠶᠢᠪᠠᠯ᠂ ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠬᠤ ᠬᠥᠮᠦᠰ ᠠᠴᠠ ᠭᠠᠳᠠᠨ᠎ᠠ᠂ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠣᠭᠲᠠᠭᠠᠭᠰᠠᠨ ᠰᠤᠯᠠ ᠣᠷᠣᠯᠴᠠᠬᠤ ᠬᠥᠮᠦᠰ ᠪᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠬᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号