【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】2024 ᠣᠨ ᠳᠤ ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2100 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2025/1/10
   ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠬᠡᠷ︶ ᠠᠴᠠ ᠣᠶᠢᠯᠠᠭᠠᠭᠰᠠᠨ ᠢᠶᠠᠷ᠂ ᠡᠷᠢᠶᠡᠨ ᠪᠣᠭᠤᠮᠲᠠ ᠶᠢᠨ 2024 ᠣᠨ ᠳᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2105.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠨ᠂ ᠠᠩᠬ᠎ᠠ ᠤᠳᠠᠭ᠎ᠠ ᠵᠢᠯ ᠤᠨ ᠳᠣᠲᠣᠷ᠎ᠠ 2100 ᠲᠦᠮᠡᠨ ᠲᠣᠨ ᠶᠡᠭᠡ ᠪᠣᠭᠤᠮᠲᠠ ᠶᠢ ᠪᠡᠶᠡᠯᠡᠭᠦᠯᠵᠦ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃
   ᠥᠩᠭᠡᠷᠡᠭᠰᠡᠨ ᠨᠢᠭᠡ ᠵᠢᠯ ᠳᠤ᠂ ᠡᠷᠢᠶᠡᠨ ᠪᠣᠭᠤᠮᠲᠠ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠠᠷᠭ᠎ᠠ ᠬᠡᠮᠵᠢᠶ᠎ᠡ ᠶᠢᠨ ᠳᠡᠮᠵᠢᠯᠭᠡ ᠳᠣᠣᠷ᠎ᠠ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠴᠦ᠂ ᠠᠩᠬᠠᠨ ᠤ ᠰᠠᠷ᠎ᠠ ᠳᠤ 170 ᠲᠦᠮᠡᠨ ᠲᠣᠨ ᠢ ᠪᠡᠶᠡᠯᠡᠭᠦᠯᠵᠦ᠂ ᠰᠠᠶᠢᠨ ᠡᠬᠢᠯᠡᠯᠲᠡ ᠶᠢ ᠪᠡᠶᠡᠯᠡᠭᠦᠯᠪᠡ︔ 1000 ᠲᠦᠮᠡᠨ ᠲᠣᠨ ᠢ ᠤᠷᠢᠳᠴᠢᠯᠠᠨ 14 ᠡᠳᠦᠷ ᠪᠣᠯᠭᠠᠪᠠ︔ ᠵᠢᠯ ᠤᠨ ᠳᠣᠲᠣᠷ᠎ᠠ ᠠᠩᠬ᠎ᠠ ᠤᠳᠠᠭ᠎ᠠ 2000 ᠲᠦᠮᠡᠨ ᠲᠣᠨ ᠤ ᠪᠣᠭᠤᠮᠲᠠ ᠶᠢ ᠳᠠᠪᠠᠪᠠ︔ ᠵᠢᠯ ᠤᠨ ᠳᠣᠲᠣᠷ᠎ᠠ ᠠᠩᠬ᠎ᠠ ᠤᠳᠠᠭ᠎ᠠ 2100 ᠲᠦᠮᠡᠨ ᠲᠣᠨ ᠤ ᠪᠣᠭᠤᠮᠲᠠ ᠶᠢ ᠰᠢᠪᠲᠤᠯᠪᠠ᠃ ᠤᠯᠠᠮ ᠠᠴᠠ ᠤᠯᠠᠮ ᠣᠯᠠᠨ ᠪᠠᠷᠠᠭ᠎ᠠ᠂ ᠤᠯᠠᠮ ᠠᠴᠠ ᠤᠯᠠᠮ ᠲᠦᠷᠭᠡᠨ ᠬᠤᠷᠳᠤᠴᠠ ᠲᠠᠢ ᠪᠣᠯᠵᠤ᠂ ᠲᠡᠮᠦᠷ ᠵᠠᠮ ᠤᠨ ᠪᠣᠭᠤᠮᠲᠠ ᠨᠢ ᠥᠩᠭᠡᠷᠡᠭᠰᠡᠨ ᠵᠢᠯ ᠤᠳ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠢᠯᠡᠳᠬᠦᠨ ᠤ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠵᠠᠰᠠᠮᠠᠯ ᠵᠠᠮ ᠤᠨ ᠪᠣᠭᠤᠮᠲᠠ ᠳᠤ ᠨᠡᠭᠦᠷᠡᠰᠦ᠂ ᠬᠠᠶᠢᠯᠤᠭᠤᠷ ᠵᠣᠩᠰᠢ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠠᠭᠤᠷᠬᠠᠶ ᠶᠢᠨ ᠭᠠᠷᠤᠯᠲᠠ ᠶᠢᠨ ᠲᠥᠷᠥᠯ ᠵᠦᠢᠯ ᠢ ᠭᠠᠳᠠᠭᠠᠳᠤ ᠠᠴᠠ ᠣᠷᠣᠭᠤᠯᠵᠤ ᠪᠠᠶᠢᠨ᠎ᠠ᠃ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1564.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 541.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.1% ᠪᠠᠷ ᠨᠡᠮᠡᠭᠳᠡᠪᠡ᠃    ᠪᠣᠭᠤᠮᠲᠠ ᠶᠢᠨ ᠡᠳ᠋ ᠪᠠᠷᠠᠭ᠎ᠠ ᠶᠢ ᠶᠡᠭᠡ ᠪᠠᠷ ᠣᠷᠣᠭᠤᠯᠵᠤ ᠶᠡᠭᠡ ᠪᠠᠷ ᠭᠠᠷᠭᠠᠬᠤ᠂ ᠲᠦᠷᠭᠡᠨ ᠣᠷᠣᠭᠤᠯᠵᠤ ᠲᠦᠷᠭᠡᠨ ᠭᠠᠷᠭᠠᠬᠤ ᠶᠢ ᠪᠠᠲᠤᠯᠠᠵᠤ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ 4 ᠰᠠᠷ᠎ᠠ ᠶᠢᠨ 1 ᠠᠴᠠ 9 ᠰᠠᠷ᠎ᠠ ᠶᠢᠨ ᠬᠤᠭᠤᠴᠠᠭ᠎ᠠ ᠲᠠᠢ 24 ᠴᠠᠭ ᠢᠶᠠᠷ ᠪᠣᠭᠤᠮᠲᠠ ᠥᠩᠭᠡᠷᠡᠬᠦ ᠶᠢ ᠬᠡᠷᠡᠭᠵᠢᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠲᠣᠭᠠᠴᠢᠯᠠᠭᠰᠠᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠤᠨ᠎ᠠ︔ ᠰᠠᠯᠠᠭ᠎ᠠ ᠮᠥᠴᠢᠷ ᠤᠨ ᠬᠠᠮᠵᠢᠯᠴᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠡᠯ᠎ᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠪᠠᠶᠢᠴᠠᠭᠠᠨ ᠰᠢᠯᠭᠠᠬᠤ ᠴᠠᠭ ᠢ ᠤᠯᠠᠮ ᠨᠢᠭᠡ ᠠᠯᠬᠤᠮ ᠪᠣᠭᠤᠨᠢᠰᠬᠠᠪᠠ︔ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠡᠯ᠎ᠡ ᠵᠠᠩᠭᠢᠯᠠᠭ᠎ᠠ ᠶᠢᠨ ᠠᠵᠢᠯ ᠤᠨ ᠶᠠᠪᠤᠴᠠ ᠶᠢ ᠦᠷᠭᠦᠯᠵᠢᠯᠡᠨ ᠬᠥᠳᠡᠯᠦᠩᠭᠦᠶ ᠪᠠᠷ ᠡᠮᠬᠢᠯᠡᠨ ᠲᠡᠭᠦᠯᠳᠡᠷᠵᠢᠭᠦᠯᠵᠦ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠶᠢᠨ ᠲᠦᠷᠭᠡᠨ ᠥᠩᠭᠡᠷᠡᠬᠦ ᠶᠢ ᠪᠠᠲᠤᠯᠠᠵᠤ᠂ ᠪᠣᠭᠤᠮᠲᠠ ᠪᠠᠷ ᠥᠩᠭᠡᠷᠡᠬᠦ ︽ᠶᠡᠭᠡ ᠪᠠᠷ ᠣᠷᠣᠵᠤ ᠭᠠᠷᠴᠤ ᠲᠦᠷᠭᠡᠨ ᠣᠷᠣᠵᠤ ᠭᠠᠷᠬᠤ᠂ ᠲᠦᠷᠭᠡᠨ ᠣᠷᠣᠵᠤ ᠲᠦᠷᠭᠡᠨ ᠭᠠᠷᠬᠤ︾ ᠶᠢ ᠠᠬᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号