【 ᠬᠤᠶᠠᠷ ᠬᠤᠷᠠᠯ ᠳᠡᠭᠡᠷ᠎ᠡ ᠲᠦᠪᠯᠡᠷᠡᠬᠦᠯᠬᠦ 】 ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/1/13
      1 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠡᠷᠢᠶᠡᠨ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠵᠠᠰᠠᠭ ᠵᠠᠬᠢᠷᠭᠠᠨ ᠤ ᠲᠥᠪ ᠤᠨ ᠮᠡᠳᠡᠭᠦᠯᠦᠯᠲᠡ ᠶᠢᠨ ᠲᠢᠩᠬᠢᠮ ᠳᠤ ᠠᠮᠵᠢᠯᠲᠠ ᠲᠠᠢ ᠲᠡᠭᠦᠰᠪᠡ᠃        ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠸᠠᠩ ᠰᠠᠨ ᠱᠢ᠂ ᠮᠠ ᠬᠠᠢ ᠲᠤᠤ᠂ ᠶᠠᠨ ᠬᠤᠩ᠂ ᠴᠣᠭᠵᠢᠯ᠂ ᠭᠧᠩ ᡁᠢ ᠵᠢᠶᠦ᠋ᠨ᠂ ᠮᠦᠸᠧ ᠬᠤᠩ ᠵᠢᠶᠦ᠋ᠨ᠂ ᠯᠢᠦ ᡁᠢ ᠮᠢᠩ᠂ ᠮᠦᠩᠬᠡᠸ᠋ᠴᠢᠷ᠂ ᠸᠠᠩ ᠸᠧᠨ ᠶᠢᠨ ᠨᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃
       ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠶᠠᠩ ᠶᠢᠨ ᠷᠦᠢ᠂ ᠾᠧᠦ ᠶᠠᠨ ᠮᠢᠨ᠂ ᠤᠯᠠᠭᠠᠨ᠂ ᠵᠠᠩ ᠺᠠᠢ ᠳ᠋ᠦᠩ᠂ ᠵᠠᠩ ᠯᠢ ᠴᠧᠩ᠂ ᠵᠠᠩ ᠶᠦᠩ ᡁᠢ᠂ ᠪᠠᠢ ᠱᠤ᠋ ᠮᠢᠩ᠂ ᠸᠠᠩ ᠵᠢᠩ᠂ ᠯᠢ ᠯᠢᠩ ᠬᠠᠨ᠂ ᠱᠢ ᠵᠢᠶᠦ᠋ᠨ ᠪᠤᠢ᠃         ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 141 ᠬᠥᠮᠦᠨ᠂ ᠪᠣᠳᠠᠲᠠᠢ ᠣᠷᠣᠯᠴᠠᠭᠰᠠᠨ ᠨᠢ 126 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃       ᠶᠡᠭᠡ ᠬᠤᠷᠠᠯ ᠠᠴᠠ ︽ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ︾᠂ ︽ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠡᠷᠢᠶᠡᠨ ᠬᠤᠲᠠ ᠶᠢᠨ 2024 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠲᠣᠰ ᠱᠠᠲᠤᠨ ᠤ ᠲᠥᠰᠦᠪ ᠤᠨ ᠲᠤᠬᠠᠶ ᠰᠢᠢᠳᠪᠦᠷᠢ︾᠂ ︽ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠡᠷᠢᠶᠡᠨ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ︾᠂ ︽ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠡᠷᠬᠢᠯᠡᠭᠴᠢ ᠭᠡᠰᠢᠭᠦᠨ ᠤ ᠨᠡᠷᠡᠰ︾᠂ ︽ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠡᠷᠬᠢᠯᠡᠭᠴᠢ ᠭᠡᠰᠢᠭᠦᠨ ᠤ ᠨᠡᠷᠡᠰ︾ ᠢ ᠪᠠᠲᠤᠯᠠᠪᠠ᠃       ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ ᠶᠢᠨ ᠨᠡᠷᠡᠰ ᠢ ᠪᠠᠲᠤᠯᠠᠪᠠ᠃       ᠬᠤᠷᠠᠯ ᠠᠴᠠ 2025 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ 5 ᠵᠦᠢᠯ ᠪᠣᠶ ᠪᠣᠯᠭᠠᠵᠤ᠂ ᠲᠣᠰ ᠲᠣᠰ ᠵᠠᠯᠠᠭᠤᠴᠤᠳ ᠪᠠᠭᠠᠴᠤᠳ ᠤᠨ ᠬᠠᠷᠠᠭ᠎ᠠ ᠶᠢ ᠬᠠᠮᠠᠭᠠᠯᠠᠬᠤ ᠲᠥᠷᠥᠯ ᠵᠦᠢᠯ᠂ ᠠᠳᠠᠯ ᠠᠬᠤᠶ ᠥᠬᠡᠶ ᠵᠢᠵᠢᠭ ᠲᠣᠭᠤᠷᠢᠭ ᠢ ᠪᠦᠬᠦᠨ ᠢ ᠬᠠᠮᠤᠷᠬᠤ ᠵᠢᠴᠢ ᠠᠳᠠᠯ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠷᠰᠢᠯᠲᠠ ᠶᠢᠨ ᠲᠥᠷᠥᠯ ᠵᠦᠢᠯ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠲᠥᠷᠥᠯ ᠵᠦᠢᠯ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠥᠬᠦᠭᠡᠷᠦᠮᠵᠢ ᠶᠢ ᠳᠡᠭᠡᠭᠰᠢᠯᠡᠭᠦᠯᠬᠦ ᠲᠥᠷᠥᠯ ᠵᠦᠢᠯ᠂ ᠨᠡᠶᠢᠭᠡᠮ ᠲᠣᠭᠤᠷᠢᠭ ᠠᠴᠠ ᠠᠷᠠᠳ ᠲᠤ ᠲᠥᠬᠦᠮ ᠦᠵᠡᠭᠦᠯᠬᠦ ᠬᠤᠭᠤᠯᠠᠨ ᠬᠡᠷ ᠤᠨ ᠲᠥᠷᠥᠯ ᠵᠦᠢᠯ ᠪᠣᠯᠤᠨ᠎ᠠ᠃       ᠶᠡᠭᠡ ᠬᠤᠷᠠᠯ ᠠᠴᠠ ᠪᠢᠯᠧᠲ ᠥᠭᠴᠦ ᠰᠣᠩᠭᠤᠬᠤ ᠪᠠᠷ ᠲᠠᠮᠵᠢᠨ᠂ ᠮᠠ ᠬᠠᠢ ᠲᠤᠤ ᠨᠥᠬᠦᠷ ᠤᠨ ᠪᠦᠷᠢᠨ ᠪᠢᠯᠧᠲ ᠢᠶᠠᠷ ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠪᠠᠷ ᠰᠣᠩᠭᠤᠭᠳᠠᠵᠤ᠂ ᠯᠢ ᠯᠢᠩ ᠬᠠᠨ᠂ ᠯᠢᠦ ᡁᠢ ᠮᠢᠩ᠂ ᠮᠦᠩᠬᠡᠸ᠋ᠴᠢᠷ 3 ᠨᠥᠬᠦᠷ ᠪᠦᠷᠢᠨ ᠪᠢᠯᠧᠲ ᠢᠶᠠᠷ ᠡᠷᠢᠶᠡᠨ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠭᠳᠠᠪᠠ᠂ ᠱᠢ ᠵᠢᠶᠦ᠋ᠨ᠂ ᠶᠠᠩ ᠶᠠ ᠴᠦᠨ᠂ ᠸᠠᠩ ᠸᠧᠨ ᠶᠢᠨ᠂ ᠦᠯᠵᠡᠶᠢᠨᠠᠷᠠᠨ ᠵᠡᠷᠭᠡ 4 ᠨᠥᠬᠦᠷ ᠪᠦᠷᠢᠨ ᠪᠢᠯᠧᠲ ᠢᠶᠠᠷ ᠡᠷᠢᠶᠡᠨ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠭᠳᠠᠪᠠ᠃
     ᠰᠣᠩᠭᠤᠭᠳᠠᠭᠰᠠᠨ ᠬᠥᠮᠦᠰ ᠪᠦᠬᠦ ᠲᠥᠯᠥᠭᠡᠯᠡᠭᠴᠢᠳ ᠤᠨ ᠭᠡᠷᠡᠴᠢᠯᠡᠯ ᠳᠣᠣᠷ᠎ᠠ᠂ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃
     ᠮᠠ ᠬᠠᠢ ᠲᠤᠤ ᠣᠪᠣᠷ ᠢᠶᠠᠨ ᠢᠯᠡᠳᠬᠡᠬᠦ ᠶᠠᠷᠢᠶᠠᠨ ᠳᠠᠭᠠᠨ᠂ ᠥᠨᠥᠳᠦᠷ᠂ ᠶᠡᠭᠡ ᠬᠤᠷᠠᠯ ᠠᠴᠠ ᠨᠠᠮᠠᠶᠢ ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠪᠠᠷ ᠰᠣᠩᠭᠤᠪᠠ᠂ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠭᠡᠳᠡᠭ ᠢ ᠭᠦᠨᠵᠡᠭᠡᠢ ᠮᠡᠳᠡᠷᠡᠵᠦ᠂ ᠰᠣᠩᠭᠤᠭᠤᠯᠢ ᠶᠢᠨ ᠪᠢᠯᠧᠲ ᠨᠢᠭᠡᠪᠦᠷᠢ ᠶᠢᠨ ᠠᠷᠤ ᠳᠤ ᠢᠲᠡᠭᠡᠯ ᠲᠠᠢ᠂ ᠢᠲᠡᠭᠡᠯ ᠳᠦᠭᠦᠷᠡᠩ᠂ ᠲᠤᠰᠢᠶᠠᠭᠰᠠᠨ ᠬᠦᠨᠳᠦ ᠨᠠᠶᠢᠳᠠᠯᠭ᠎ᠠ ᠶᠢ ᠠᠴᠢᠶᠠᠯᠠᠵᠤ ᠪᠠᠶᠢᠭ᠎ᠠ ᠶᠢ ᠭᠦᠨᠵᠡᠭᠡᠢ ᠣᠶᠢᠯᠠᠭᠠᠪᠠ᠃ ᠪᠢ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠠᠵᠢᠯᠯᠠᠭᠠᠨ ᠤ ᠵᠦᠭᠯᠡᠭᠦᠷ ᠪᠣᠯᠭᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠲᠠᠷᠬᠠᠨ ᠡᠭᠦᠷᠭᠡ ᠶᠢ ᠬᠤᠪᠢ ᠲᠠᠬᠢᠨ ᠨᠠᠨᠳᠢᠩᠨᠠᠵᠤ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ ᠳᠣᠣᠷ᠎ᠠ᠂ ᠬᠤᠳᠠ ᠶᠢᠨ ᠵᠠᠰᠠᠭ ᠤᠨ ᠣᠷᠳᠣᠨ ᠤ ᠨᠢᠭᠡ ᠪᠠᠭ ᠬᠥᠮᠦᠰ ᠢ ᠪᠦᠯᠬᠦᠮᠳᠡᠭᠦᠯᠦᠨ ᠳᠠᠭᠠᠭᠤᠯᠵᠤ᠂ ᠰᠠᠬᠢᠯᠭ᠎ᠠ ᠪᠠᠲᠤ ᠪᠣᠯᠤᠨ ᠶᠣᠰᠣ ᠲᠦᠷᠢᠮ ᠢ ᠲᠡᠷᠢᠭᠦᠨ ᠳᠤ ᠲᠠᠯᠪᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠤᠯᠢᠵᠢᠯ ᠤᠨ ᠰᠡᠳᠬᠢᠬᠦᠢ ᠪᠣᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠠᠵᠢᠯ ᠢᠶᠠᠨ ᠠᠬᠢᠭᠤᠯᠬᠤ᠂ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠠᠵᠢᠯᠯᠠᠭ᠎ᠠ︾ ᠶᠢ ᠬᠦᠴᠦᠯᠡᠨ ᠰᠠᠶᠢᠲᠤᠷ ᠠᠳᠬᠤᠵᠤ᠂ ᠦᠷᠭᠦᠯᠵᠢᠯᠡᠨ ᠲᠡᠮᠡᠴᠡᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠪᠣᠳᠠᠲᠠᠢ ᠶᠢ ᠡᠷᠬᠢᠮᠯᠡᠨ ᠲᠠᠬᠢᠨ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃     ᠶᠠᠨ ᠬᠤᠩ ᠬᠤᠷᠠᠯ ᠲᠡᠭᠦᠰᠬᠦ ᠶᠠᠷᠢᠶᠠᠨ ᠳᠠᠭᠠᠨ᠂ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠰᠢᠨ᠎ᠡ ᠴᠠᠭ ᠦᠶ᠎ᠡ ᠶᠢᠨ ᠪᠣᠭᠤᠮᠲᠠ ᠶᠢᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠲᠠᠢ ᠰᠡᠳᠬᠢᠯ ᠵᠢᠷᠦᠬᠡ ᠪᠠᠨ ᠬᠤᠯᠪᠣᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠦᠪᠰᠢᠨ ᠢ ᠢᠯᠡᠷᠡᠭᠦᠯᠪᠡ᠃ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠰᠢᠨ᠎ᠡ ᠴᠠᠭ ᠦᠶ᠎ᠡ ᠶᠢᠨ ᠪᠣᠭᠤᠮᠲᠠ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠥᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠲᠠ ᠶᠢᠨ ᠨᠠᠮ ᠤᠨ ᠬᠤᠷᠢᠶᠠᠨ ᠤ ᠪᠥᠬᠦᠳᠡ ᠬᠤᠷᠠᠯ ᠪᠠ ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠢᠲᠡᠭᠡᠯ ᠵᠣᠷᠢᠭ ᠢᠶᠠᠨ ᠪᠠᠲᠤᠳᠬᠠᠵᠤ ᠂ ᠡᠷᠴᠢ ᠵᠣᠷᠢᠭ ᠢᠶᠠᠨ ᠬᠥᠪᠴᠢᠯᠡᠨ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠰᠢᠨ᠎ᠡ ᠴᠠᠭ ᠦᠶ᠎ᠡ ᠶᠢᠨ ᠪᠣᠭᠤᠮᠲᠠ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃      ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢᠨ ᠰᠦᠷ ᠵᠢᠪᠬᠤᠯᠠᠩᠲᠤ ᠬᠦᠭ ᠠᠶᠠᠰ ᠢ ᠲᠠᠭᠠᠯᠳᠤᠨ ᠂ ᠡᠷᠢᠶᠡᠨ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠮᠵᠢᠯᠲᠠ ᠲᠠᠢ ᠲᠡᠭᠦᠰᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号